ᠦᠴᠦᠸᠠᠨ ᠰᠢᠶᠠᠨ ︽ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠣᠯ ᠰᠡᠳᠦᠪᠲᠦ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠡᠷᠬᠢᠯᠡᠪᠡ
ᠨᠡᠶᠢᠲᠡᠯᠡᠭᠰᠡᠨ ᠴᠠᠭ᠄
2024/2/27
     ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠣᠶᠢᠵᠢᠭᠤᠯᠤᠨ ᠦᠢᠯᠡᠳᠦᠯᠭᠡᠵᠢᠭᠦᠯᠵᠦ᠂ ᠳᠤᠮᠳᠠᠳᠤ ᠶᠢᠨ ᠤᠯᠠᠮᠵᠢᠯᠠᠯᠲᠤ ᠪᠠᠶᠠᠷ ᠤᠨ ᠡᠳᠦᠷ ᠤᠨ ᠰᠣᠶᠣᠯ ᠤᠨ ᠠᠭᠤᠯᠬᠤᠨ ᠪᠠ ᠵᠠᠩ ᠳᠠᠳᠬᠠᠯ ᠤᠨ ᠦᠯᠢᠭᠡᠷ ᠢ ᠰᠠᠶᠢᠲᠤᠷ ᠶᠠᠷᠢᠵᠤ᠂ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠤᠨ᠂ ᠪᠣᠯᠪᠠᠰᠤᠨ ᠰᠢᠨ᠎ᠡ ᠰᠤᠷᠲᠠᠯ ᠢ ᠪᠤᠶ ᠪᠣᠯᠭᠠᠬᠤ ᠶᠢᠨ ᠲᠥᠯᠥᠭᠡ᠂ ᠥᠯᠵᠡᠶᠢᠲᠦ ᠡᠳᠦᠷ ᠤᠨ ᠪᠠᠶᠠᠷ ᠪᠣᠯᠬᠤ ᠲᠠᠰᠢᠷᠠᠮ ᠢᠶᠠᠷ᠂ ᠦᠴᠦᠸᠠᠨ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦᠬᠦ ᠵᠦᠪᠯᠡᠯ᠂ ᠰᠢᠶᠠᠨ ᠤ ᠭᠤᠸᠠᠩ ᠷᠦᠩ ᠬᠦᠷᠢᠶᠡᠯᠡᠩ᠂ ᠦᠴᠦᠸᠠᠨ ᠰᠢᠶᠠᠨ ᠤ ᠭᠤᠷᠪᠠᠳᠤᠭᠠᠷ ᠪᠠᠭ᠎ᠠ ᠰᠤᠷᠭᠠᠭᠤᠯᠢ ᠬᠠᠮᠲᠤᠷᠠᠨ ︽ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠣᠯ ᠰᠡᠳᠦᠪᠲᠦ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠡᠷᠬᠢᠯᠡᠪᠡ᠃
     ᠲᠤᠰ ᠠᠵᠢᠯᠯᠠᠭ᠎ᠠ ᠨᠢ ᠰᠢᠩ ᠱᠧᠩ ᠨᠡᠶᠢᠭᠡᠮ ᠲᠣᠭᠤᠷᠢᠭ ᠤᠨ ᠶᠠᠩᠭᠠᠷ ᠪᠥᠵᠢᠭ ᠤᠨ ᠠᠩᠭᠢ ᠪᠣᠯᠣᠨ ᠰᠤᠷᠤᠭᠴᠢᠳ ᠤᠨ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠳᠤ ᠬᠥᠰᠢᠭᠡ ᠪᠠᠨ ᠰᠡᠬᠦᠪᠡ᠃ ᠠᠬᠠᠮᠠᠳ ᠴᠡᠷᠢᠭ ᠤᠳ ᠲᠤᠬᠠᠢ ᠶᠢᠨ ᠲᠠᠯᠠᠪᠠᠢ ᠳᠤ ᠴᠡᠷᠢᠭ ᠤᠨ ᠬᠥᠨᠵᠢᠯᠡ ᠶᠢ ᠬᠤᠷᠢᠶᠠᠬᠤ ᠵᠡᠷᠭᠡ ᠮᠡᠷᠭᠡᠵᠢᠯ ᠢ ᠵᠢᠭᠠᠵᠤ᠂ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠴᠡᠷᠢᠭ ᠬᠥᠮᠥᠨ ᠢ ᠬᠦᠨᠳᠦᠳᠬᠡᠨ ᠪᠢᠰᠢᠷᠡᠬᠦ ᠪᠠ ᠲᠠᠯᠠᠷᠬᠠᠬᠤ ᠰᠡᠳᠬᠢᠯᠭᠡ ᠲᠠᠢ ᠪᠣᠯᠭᠠᠪᠠ᠃ ᠠᠬᠠᠮᠠᠳ ᠴᠡᠷᠢᠭ ᠤᠳ ᠪᠠ ᠰᠤᠷᠤᠭᠴᠢᠳ ᠴᠠᠭᠠᠰᠤᠨ ᠬᠠᠶᠢᠴᠢᠯᠠᠮᠠᠯ ᠤᠨ ᠠᠵᠢᠯᠯᠠᠭ᠎ᠠ ᠳᠤ ᠪᠡᠶ᠎ᠡ ᠪᠠᠷ ᠢᠶᠠᠨ ᠣᠷᠣᠯᠴᠠᠵᠤ᠂ ᠦᠨᠳᠦᠰᠦᠲᠡᠨ ᠤ ᠪᠦᠯᠬᠦᠮᠳᠡᠯ ᠤᠨ ᠵᠣᠷᠢᠭ ᠰᠠᠨᠠᠭ᠎ᠠ ᠶᠢ ᠤᠯᠠᠮᠵᠢᠯᠠᠯᠲᠤ ᠰᠣᠶᠣᠯ ᠲᠠᠢ ᠤᠶᠠᠯᠳᠤᠭᠤᠯᠵᠤ᠂ ᠰᠤᠷᠤᠭᠴᠢᠳ ᠢ ᠬᠥᠲᠥᠯᠥᠨ ᠵᠢᠯᠤᠭᠤᠳᠴᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠪᠡᠶ᠎ᠡ ᠪᠠᠷ ᠢᠶᠠᠨ ᠮᠡᠳᠡᠷᠡᠭᠦᠯᠪᠡ᠃ ᠳᠠᠷᠠᠭ᠎ᠠ ᠨᠢ᠂ ᠠᠵᠢᠯᠲᠠᠳ ᠰᠤᠷᠤᠭᠴᠢᠳ ᠲᠤ ᠲᠠᠶᠢᠨ ᠳᠤ ᠣᠷᠣᠯᠴᠠᠭᠰᠠᠨ ᠠᠬᠠᠮᠠᠳ ᠴᠡᠷᠢᠭ ᠤᠨ ᠠᠷᠠᠳ ᠤᠯᠠᠨ ᠲᠠᠢ ᠬᠠᠮᠲᠤᠪᠠᠷ ᠰᠢᠷᠭᠠᠭᠤ ᠬᠠᠲᠠᠭᠤᠵᠢᠯᠲᠠᠢ ᠪᠠᠶᠢᠯᠳᠤᠭᠰᠠᠨ ᠰᠡᠳᠬᠢᠯ ᠬᠥᠳᠡᠯᠭᠡᠮ᠎ᠡ ᠦᠯᠢᠭᠡᠷ ᠢ ᠶᠠᠷᠢᠵᠤ᠂ ᠲᠠᠶᠢᠨ ᠤ ᠭᠠᠯ ᠳᠦᠷᠡᠯᠵᠡᠭᠰᠡᠨ ᠣᠨ ᠵᠢᠯ ᠤᠳ ᠲᠤ ᠲᠠᠬᠢᠨ ᠪᠤᠴᠠᠭᠰᠠᠨ ᠮᠡᠲᠦ ᠪᠣᠯᠪᠠ ᠁ ᠰᠤᠷᠤᠭᠴᠢᠳ ᠶᠡᠬᠡᠳᠡ ᠰᠡᠳᠬᠢᠯ ᠬᠥᠳᠡᠯᠵᠦ᠂ ᠠᠬᠠᠮᠠᠳ ᠴᠡᠷᠢᠭ ᠲᠤ ᠤᠯᠠᠭᠠᠨ ᠪᠦᠴᠡ ᠵᠡᠭᠦᠯᠭᠡᠵᠦ᠂ ᠪᠠᠭᠠᠴᠤᠳ ᠤᠨ ᠬᠤᠰᠢᠭᠤᠴᠢ ᠠᠩᠭᠢ ᠶᠣᠰᠣᠯᠠᠵᠤ᠂ ᠠᠬᠠᠮᠠᠳ ᠪᠠᠶᠢᠯᠳᠤᠭᠴᠢᠳ ᠢ ᠬᠦᠨᠳᠦᠳᠬᠡᠨ ᠪᠢᠰᠢᠷᠡᠵᠦ ᠪᠠᠶᠢᠬᠤ ᠪᠠ ᠲᠠᠯᠠᠷᠬᠠᠵᠤ ᠪᠠᠶᠢᠬᠤ ᠰᠡᠳᠬᠢᠯᠭᠡ ᠪᠠᠨ ᠢᠯᠡᠳᠬᠡᠬᠦ ᠶᠢᠨ ᠬᠠᠮᠲᠤ ᠡᠬᠡ ᠤᠯᠤᠰ ᠢᠶᠠᠨ ᠬᠠᠶᠢᠷᠠᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠᠨ ᠬᠠᠶᠢᠷᠠᠯᠠᠵᠤ᠂ ᠨᠣᠮ ᠪᠢᠴᠢᠭ ᠤᠩᠰᠢᠬᠤ ᠪᠠᠷ ᠬᠦᠴᠦᠯᠡᠨ ᠴᠢᠷᠮᠠᠶᠢᠵᠤ᠂ ᠡᠬᠡ ᠤᠯᠤᠰ ᠲᠠᠭᠠᠨ ᠬᠦᠴᠦ ᠪᠠᠨ ᠡᠷᠭᠦᠬᠦ ᠪᠠᠷ ᠵᠣᠷᠢᠭ ᠰᠢᠭᠤᠳᠴᠤ ᠪᠠᠶᠢᠬᠤ ᠪᠠᠨ ᠢᠯᠡᠳᠬᠡᠪᠡ᠃      ᠬᠥᠳᠡᠯᠭᠡᠭᠡᠨ ᠨᠢ ᠠᠶᠠᠭ᠎ᠠ ᠠᠶᠠᠭ᠎ᠠ ᠬᠠᠯᠠᠭᠤᠨ ᠪᠦᠯᠢᠶᠡᠨ ᠥᠯᠵᠡᠶᠢᠲᠦ ᠪᠣᠭᠤᠷᠰᠤᠭ ᠢ ᠬᠤᠪᠢᠶᠠᠯᠴᠠᠬᠤ ᠳᠤ ᠲᠡᠭᠦᠰᠪᠡ᠃      ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠪᠠᠶᠠᠷ ᠬᠥᠷ ᠲᠠᠢ ᠥᠯᠵᠡᠢ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠣᠯᠠᠨ ᠳᠤ ᠨᠠᠩ ᠣᠯᠠᠨ ᠰᠠᠨᠠᠯ ᠢᠶᠠᠨ ᠰᠣᠯᠢᠯᠴᠠᠬᠤ ᠵᠠᠪᠰᠢᠶᠠᠨ ᠣᠯᠭᠤᠵᠠᠢ᠃ ᠤᠯᠠᠨ ᠢᠶᠠᠷ ᠢᠶᠠᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠤᠬᠢ ᠰᠣᠳᠣ ᠶᠢ ᠭᠦᠨᠵᠡᠭᠡᠢ ᠠᠭᠤᠳᠠᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠲᠠᠰᠤᠷᠠᠯᠲᠠ ᠦᠭᠡᠢ ᠠᠬᠢᠭᠤᠯᠤᠨ᠎ᠠ ᠭᠡᠵᠦ ᠢᠯᠡᠳᠬᠡᠵᠡᠭᠡᠪᠡ᠃ ︵ᠰᠤᠷᠪᠤᠯᠵᠢᠯᠠᠭᠴᠢ᠄ ᠴᠢᠶᠣᠤ ᠳ᠋ᠦᠩ ᠳ᠋ᠦᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号