ᠦᠴᠦᠸᠠᠨ ᠰᠢᠶᠠᠨ ᠤ ᠡᠮᠡᠭᠲᠡᠶᠢᠴᠦᠳ ᠤᠨ ᠬᠤᠯᠪᠣᠭ᠎ᠠ ︽ᠡᠮᠡᠭᠲᠡᠶᠢᠴᠦᠳ ᠭᠠᠷ ᠢᠶᠠᠨ ᠬᠥᠲᠥᠯᠥᠯᠴᠡᠨ ᠪᠢᠴᠢᠬᠠᠨ ᠨᠣᠭᠤᠭᠠᠨ ᠴᠢᠬᠢ ᠶᠢ ᠬᠠᠮᠠᠭᠠᠯᠠᠬᠤ︾ ᠲᠤᠰᠬᠠᠢ ᠠᠵᠢᠯᠯᠠᠭ᠎ᠠ ᠵᠢᠴᠢ ︽ᠥᠯᠵᠡᠶᠢᠲᠦ ᠡᠳᠦᠷ ᠤᠨ ᠪᠠᠶᠠᠷ ᠲᠤ ᠬᠡᠦᠬᠡᠳ ᠤᠨ ᠰᠡᠳᠬᠢᠯ ᠢ ᠳᠤᠯᠠᠭᠠᠴᠠᠭᠤᠯᠬᠤ︾ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/2/27
     ︽ᠥᠨᠥᠳᠥᠷ ᠪᠢ ᠥᠯᠵᠡᠶᠢᠲᠦ ᠡᠳᠦᠷ ᠤᠨ ᠪᠠᠶᠠᠷ ᠤᠨ ᠰᠣᠶᠣᠯ ᠢ ᠰᠤᠷᠴᠤ ᠣᠶᠢᠯᠠᠭᠠᠭᠰᠠᠨ ᠢᠶᠠᠷ ᠪᠠᠷᠠᠬᠤ ᠦᠭᠡᠢ᠂ ᠪᠠᠰᠠ ᠣᠨᠢᠰᠤᠭ᠎ᠠ ᠲᠠᠭᠠᠬᠤ᠂ ᠡᠷᠲᠡᠨ ᠤ ᠰᠢᠯᠦᠭ ᠰᠢᠯᠦᠭᠯᠡᠬᠦ ᠲᠣᠭᠯᠠᠭᠠᠮ ᠳᠤ ᠣᠷᠣᠯᠴᠠᠪᠠ᠂ ᠤᠳᠤ ᠪᠢ ᠥᠪᠡᠷ ᠤᠨ ᠭᠠᠷ ᠢᠶᠠᠷ ᠢᠶᠠᠨ ᠴᠢᠨᠠᠭᠰᠠᠨ ᠥᠯᠵᠡᠶᠢᠲᠦ ᠪᠣᠭᠤᠷᠰᠤᠭ ᠢᠶᠠᠨ ᠨᠠᠭᠠᠴᠤ ᠡᠪᠦᠭᠡ ᠳᠤ ᠢᠳᠡᠭᠦᠯᠦᠶ᠎ᠡ︾ ᠭᠡᠵᠦ ᠳ᠋ᠠ ᠠᠢ ᠦ᠋ ᠵᠢᠶᠠᠩ ᠨᠡᠶᠢᠲᠡ ᠶᠢᠨ ᠠᠰᠠᠷᠠᠮᠵᠢ ᠶᠢᠨ ᠰᠤᠷᠭᠠᠭᠤᠯᠢ ᠶᠢᠨ ᠰᠤᠷᠤᠭᠴᠢ ᠵᠧᠦ ᠵᠧᠦ ︵ᠪᠤᠷᠤᠭᠤᠯᠠᠭᠰᠠᠨ ᠨᠡᠷ᠎ᠡ︶ ᠪᠠᠶᠠᠷᠲᠠᠢ ᠪᠠᠷ ᠬᠡᠯᠡᠪᠡ᠃      ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ ᠢ ᠤᠯᠠᠮᠵᠢᠯᠠᠨ ᠪᠠᠳᠠᠷᠠᠭᠤᠯᠵᠤ᠂ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠶᠡᠬᠡᠪᠡᠷ ᠪᠤᠢ ᠪᠣᠯᠭᠠᠵᠤ᠂ ᠬᠡᠦᠬᠡᠳ ᠤᠳ ᠤᠨ ᠳᠤᠮᠳᠠᠳᠤ ᠶᠢᠨ ᠰᠢᠯᠢᠳᠡᠭ ᠰᠣᠶᠣᠯ ᠢ ᠮᠡᠳᠡᠷᠡᠬᠦ ᠰᠡᠳᠬᠢᠯᠭᠡ ᠪᠠ ᠣᠮᠣᠭᠰᠢᠬᠤ ᠰᠡᠳᠬᠢᠯᠭᠡ ᠶᠢ ᠨᠡᠮᠡᠭᠳᠡᠭᠦᠯᠬᠦ ᠶᠢᠨ ᠲᠥᠯᠥᠭᠡ᠂ ᠥᠯᠵᠡᠶᠢᠲᠦ ᠡᠳᠦᠷ ᠤᠨ ᠪᠠᠶᠠᠷ ᠤᠨ ᠬᠤᠭᠤᠴᠠᠭᠠᠨ ᠳᠤ᠂ ᠦᠴᠦᠸᠠᠨ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠠᠴᠠ ︽ᠡᠮᠡᠭᠲᠡᠶᠢᠴᠦᠳ ᠭᠠᠷ ᠢᠶᠠᠨ ᠬᠥᠲᠥᠯᠥᠯᠴᠡᠨ ᠪᠢᠴᠢᠬᠠᠨ ᠨᠣᠭᠤᠭᠠᠨ ᠴᠢᠬᠢ ᠶᠢ ᠬᠠᠮᠠᠭᠠᠯᠠᠬᠤ︾ ᠲᠤᠰᠬᠠᠢ ᠠᠵᠢᠯᠯᠠᠭ᠎ᠠ ᠵᠢᠴᠢ ︽ᠥᠯᠵᠡᠶᠢᠲᠦ ᠡᠳᠦᠷ ᠤᠨ ᠪᠠᠶᠠᠷ ᠲᠤ ᠬᠡᠦᠬᠡᠳ ᠤᠨ ᠰᠡᠳᠬᠢᠯ ᠢ ᠳᠤᠯᠠᠭᠠᠴᠠᠭᠤᠯᠬᠤ︾ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃      ᠠᠵᠢᠯᠯᠠᠭ᠎ᠠ ᠶᠢᠨ ᠲᠤᠬᠠᠢ ᠶᠢᠨ ᠡᠳᠦᠷ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠰᠤᠷᠭᠠᠨ ᠬᠥᠮᠦᠵᠢᠯ ᠤᠨ ᠲᠣᠪᠴᠢᠶ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠪᠠ ᠳ᠋ᠠ ᠠᠢ ᠬᠢᠵᠠᠭᠠᠷ ᠦᠭᠡᠢ ᠨᠡᠶᠢᠲᠡ ᠶᠢᠨ ᠠᠰᠠᠷᠠᠮᠵᠢ ᠶᠢᠨ ᠨᠡᠶᠢᠭᠡᠮᠯᠢᠭ ᠲᠠᠢ ᠬᠠᠮᠲᠤᠷᠠᠨ᠂ ᠨᠡᠶᠢᠲᠡ ᠶᠢᠨ ᠠᠰᠠᠷᠠᠮᠵᠢ ᠶᠢᠨ ᠰᠤᠷᠭᠠᠭᠤᠯᠢ ᠶᠢᠨ ᠬᠡᠦᠬᠡᠳ ᠢ ᠵᠣᠬᠢᠶᠠᠨ ᠪᠠᠶᠢᠭᠤᠯᠵᠤ ᠵᠢᠦ ᠴᠢᠦᠢ ᠵᠤᠭᠠᠴᠠᠭᠤᠯᠪᠠ᠂ ᠡᠮᠡᠭᠲᠡᠢ ᠰᠠᠶᠢᠨ ᠳᠤᠷ᠎ᠠ ᠶᠢᠨ ᠠᠵᠢᠯᠯᠠᠭᠴᠢ ᠬᠡᠦ ᠯᠢ ᠪᠠᠭᠰᠢ ᠬᠡᠦᠬᠡᠳ ᠤᠳ ᠢ ᠳᠠᠭᠠᠭᠤᠯᠤᠨ ᠣᠨᠢᠰᠤᠭ᠎ᠠ ᠳᠠᠭᠠᠵᠤ᠂ ᠥᠯᠵᠡᠶᠢᠲᠦ ᠪᠣᠭᠤᠷᠰᠤᠭ ᠰᠣᠨᠢᠷᠬᠠᠨ᠂ ᠲᠣᠭᠯᠠᠭᠠᠮ ᠲᠣᠭᠯᠠᠵᠤ᠂ ᠥᠯᠵᠡᠶᠢᠲᠦ ᠡᠳᠦᠷ ᠤᠨ ᠰᠣᠶᠣᠯ ᠪᠠ ᠥᠪᠡᠷᠮᠢᠴᠡ ᠷᠢᠳᠢ ᠰᠢᠳᠢ ᠶᠢ ᠪᠡᠶᠡᠴᠢᠯᠡᠨ ᠣᠶᠢᠯᠠᠭᠠᠪᠠ᠃ ᠰᠤᠷᠭᠠᠭᠤᠯᠢ ᠡᠬᠢᠯᠡᠬᠦ ᠤᠯᠠᠷᠢᠯ ᠪᠣᠯᠬᠤ ᠳᠤ᠂ ᠬᠡᠦᠬᠡᠳ ᠤᠳ ᠲᠤ ᠪᠠᠰᠠ ᠬᠤᠪᠴᠠᠰᠤ ᠪᠡᠯᠭᠡᠯᠡᠪᠡ᠃
      ᠬᠥᠬᠡ ᠡᠷᠭᠢ ᠪᠠᠯᠭᠠᠰᠤᠨ ᠤ ᠰᠢ ᠭᠤᠸᠠᠨ ᠵᠢᠩ ᠨᠡᠶᠢᠭᠡᠮ ᠲᠣᠭᠤᠷᠢᠭ ᠲᠤ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠲᠥᠪ ᠤᠨ ᠦᠴᠦᠸᠠᠨ ᠥᠷᠲᠡᠭᠡ ᠲᠠᠢ ᠬᠠᠮᠲᠤᠷᠠᠨ ᠬᠠᠷᠢᠶ᠎ᠠ ᠣᠷᠣᠨ ᠤ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠵᠣᠬᠢᠶᠠᠨ ᠪᠠᠶᠢᠭᠤᠯᠵᠤ᠂ ᠥᠯᠵᠡᠶᠢᠲᠦ ᠡᠳᠦᠷ ᠤᠨ ᠪᠠᠶᠠᠷ ᠢ ᠪᠠᠶᠠᠷ ᠲᠠᠢ ᠥᠩᠭᠡᠷᠡᠭᠦᠯᠵᠦ᠂ ᠥᠯᠵᠡᠶᠢᠲᠦ ᠦᠳᠡᠰᠢ ᠶᠢᠨ ᠪᠠᠶᠠᠷ ᠤᠨ ᠢᠷᠡᠯᠲᠡ ᠶᠢ ᠰᠤᠷᠤᠯᠴᠠᠵᠤ᠂ ᠥᠯᠵᠡᠶᠢᠲᠦ ᠡᠳᠦᠷ ᠤᠨ ᠪᠠᠶᠠᠷ ᠲᠤ ᠥᠯᠵᠡᠶᠢᠲᠦ ᠪᠣᠭᠤᠷᠰᠤᠭ ᠢᠳᠡᠬᠦ᠂ ᠴᠢᠮᠡᠭᠲᠦ ᠳ᠋ᠧᠩ ᠬᠢᠬᠦ᠂ ᠬᠠᠭᠤᠷᠠᠢ ᠳᠤ ᠭᠦᠶᠦᠬᠦ ᠣᠩᠭᠤᠴᠠ ᠬᠢᠬᠦ ᠵᠡᠷᠭᠡ ᠵᠠᠩ ᠳᠠᠳᠬᠠᠯ ᠢ ᠣᠶᠢᠯᠠᠭᠠᠵᠠᠢ᠃ ᠡᠭᠦᠨ ᠤ ᠵᠡᠷᠭᠡ ᠳᠤ᠂ ︽ᠤᠷᠠᠨ ᠪᠦᠰᠡᠭᠦᠢ︾ ᠸᠧᠢ ᠣᠪᠣᠭᠲᠤ ᠶᠢᠨ ᠭᠡᠷ ᠤᠨ ᠠᠬᠠᠮᠠᠳ ᠨᠢ ᠬᠡᠦᠬᠡᠳ ᠤᠳ ᠲᠤ ᠴᠠᠭᠠᠰᠤᠨ ᠬᠠᠶᠢᠴᠢᠯᠠᠮᠠᠯ ᠢᠶᠠᠷ ᠭᠠᠷ ᠤᠷᠠᠯᠠᠯ ᠬᠢᠬᠦ ᠶᠢ ᠵᠢᠭᠠᠵᠤ᠂ ᠥᠪᠡᠷ ᠢᠶᠠᠨ ᠭᠠᠷ ᠬᠥᠳᠡᠯᠬᠦ ᠪᠠᠷ ᠳᠠᠮᠵᠢᠨ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠤᠨ ᠪᠠᠶᠠᠷ ᠤᠨ ᠠᠭᠤᠷ ᠠᠮᠢᠰᠬᠤᠯ ᠢ ᠪᠡᠶ᠎ᠡ ᠪᠠᠷ ᠢᠶᠠᠨ ᠣᠯᠵᠤ ᠮᠡᠳᠡᠷᠡᠯ᠎ᠡ᠃
     ᠲᠣᠰ ᠤᠳᠠᠭᠠᠨ ᠤ ᠠᠵᠢᠯᠯᠠᠭ᠎ᠠ ᠪᠣᠯ ︽ᠡᠮᠡᠭᠲᠡᠶᠢᠴᠦᠳ ᠭᠠᠷ ᠢᠶᠠᠨ ᠬᠥᠲᠥᠯᠥᠯᠴᠡᠨ ᠪᠢᠴᠢᠬᠠᠨ ᠨᠣᠭᠤᠭᠠᠨ ᠴᠢᠬᠢ ᠶᠢ ᠬᠠᠮᠠᠭᠠᠯᠠᠬᠤ︾ ᠶᠢᠨ ᠲᠤᠰᠬᠠᠢ ᠠᠵᠢᠯᠯᠠᠭ᠎ᠠ ᠳᠤᠮᠳᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠵᠣᠷᠢᠭᠤᠯᠤᠨ ᠥᠷᠨᠢᠭᠦᠯᠦᠭᠰᠡᠨ ︽ᠪᠢᠳᠡᠨ ᠤ ᠪᠠᠶᠠᠷ ᠤᠨ ᠡᠳᠦᠷ︾ ᠤᠨ ᠰᠢᠷᠢᠰ ᠭᠤᠣᠯ ᠰᠡᠳᠦᠪᠲᠦ ᠠᠵᠢᠯᠯᠠᠭ᠎ᠠ ᠶᠢᠨ ᠠᠭᠤᠯᠭ᠎ᠠ ᠪᠣᠯᠣᠨ᠎ᠠ᠃ 2024 ᠣᠨ ᠳᠤ᠂ ᠦᠴᠦᠸᠠᠨ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠪᠣᠯᠣᠨ ᠨᠠᠰᠤᠨ ᠳᠤ ᠥᠯᠥ ᠬᠦᠷᠦᠭᠰᠡᠳ ᠤᠨ ᠦᠰᠦᠨ ᠪᠣᠶᠢᠵᠢᠬᠤ ᠴᠢᠳᠠᠪᠤᠷᠢᠲᠠᠨ ᠪᠣᠯᠬᠤ ᠬᠡᠷᠡᠭᠴᠡᠭᠡ ᠶᠢ ᠬᠠᠮᠲᠤ ᠳᠤᠨᠢ ᠬᠠᠷᠠᠭᠠᠯᠵᠠᠵᠤ᠂ ︽ᠡᠮᠡᠭᠲᠡᠶᠢᠴᠦᠳ ᠭᠠᠷ ᠢᠶᠠᠨ ᠬᠥᠲᠥᠯᠥᠯᠴᠡᠨ ᠪᠢᠴᠢᠬᠠᠨ ᠨᠣᠭᠤᠭᠠᠨ ᠴᠢᠬᠢ ᠶᠢ ᠬᠠᠮᠠᠭᠠᠯᠠᠬᠤ︾ ᠶᠢᠨ ᠲᠤᠰᠬᠠᠢ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠣᠰ ᠠᠵᠢᠯᠯᠠᠭ᠎ᠠ ᠨᠢ ︽ᠬᠢᠨᠠᠨ ᠵᠢᠯᠤᠭᠤᠳᠬᠤ ᠵᠥᠪᠯᠡᠭᠴᠢ + ᠭᠡᠷ ᠪᠦᠯᠢ ᠶᠢᠨ ᠯᠧᠺᠲ᠋ᠣᠷ + ᠡᠮᠡᠭᠲᠡᠶᠢᠴᠦᠳ ᠤᠨ ᠬᠤᠯᠪᠣᠭᠠᠨ ᠤ ᠺᠠᠳ᠋ᠷ + ᠡᠮᠡᠭᠲᠡᠢ ᠰᠠᠶᠢᠨ ᠳᠤᠷ᠎ᠠ ᠶᠢᠨ ᠠᠵᠢᠯᠯᠠᠭᠴᠢ︾ ᠶᠢᠨ ᠦᠢᠯᠡᠴᠢᠯᠡᠭᠡᠨ ᠤ ᠪᠦᠯᠬᠦᠮ ᠢ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠪᠠ ᠨᠠᠰᠤᠨ ᠳᠤ ᠥᠯᠥ ᠭᠦᠷᠦᠭᠰᠡᠳ ᠲᠤ ᠡᠷᠡᠭᠦᠯ ᠬᠠᠮᠠᠭᠠᠯᠠᠯ᠂ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠥᠮᠦᠵᠢᠯ᠂ ᠰᠣᠶᠣᠯ᠂ ᠪᠡᠶ᠎ᠡ ᠶᠢᠨ ᠲᠠᠮᠢᠷ᠂ ᠬᠠᠤᠯᠢ ᠴᠠᠭᠠᠵᠠ᠂ ᠰᠡᠳᠬᠢᠴᠡ ᠶᠢᠨ ᠡᠷᠡᠭᠦᠯ ᠮᠡᠨᠳᠦ ᠵᠡᠷᠭᠡ ᠶᠢ ᠪᠠᠭᠲᠠᠭᠠᠭᠰᠠᠨ ᠪᠥᠬᠦ ᠲᠠᠯ᠎ᠠ ᠶᠢᠨ ᠦᠢᠯᠡᠴᠢᠯᠡᠭᠡ ᠬᠠᠩᠭᠠᠬᠤ ᠶᠢᠨ ᠬᠠᠮᠲᠤ ︽ᠨᠢᠭᠡ ᠡᠷᠦᠬᠡ ᠳᠤ ᠨᠢᠭᠡ ᠪᠣᠳᠣᠯᠭ᠎ᠠ ᠬᠡᠷᠡᠭᠵᠢᠭᠦᠯᠬᠦ︾ ᠲᠥᠯᠥᠪᠯᠡᠭᠡ ᠲᠣᠭᠲᠠᠭᠠᠬᠤ ᠪᠠᠷ ᠳᠠᠮᠵᠢᠭᠤᠯᠤᠨ᠂ ︽ᠨᠣᠭᠤᠭᠠᠨ ᠴᠢᠬᠢ︾ ᠶᠢᠨ ᠡᠷᠡᠭᠦᠯ ᠮᠡᠨᠳᠦ ᠠᠮᠤᠷ ᠲᠦᠪᠰᠢᠨ ᠢᠶᠠᠷ ᠦᠰᠦᠨ ᠪᠣᠶᠢᠵᠢᠬᠤ ᠶᠢ ᠦᠨᠡᠨ ᠰᠡᠳᠬᠢᠯ ᠠᠴᠠ ᠪᠠᠨ ᠬᠠᠮᠠᠭᠠᠯᠠᠵᠤ ᠪᠠᠶᠢᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号