ᠦᠴᠦᠸᠠᠨ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ᠂ ᠨᠡᠶᠢᠭᠡᠮ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ᠂ ᠬᠥᠳᠡᠯᠮᠦᠷᠢ ᠬᠦᠴᠦᠨ ᠤ ᠡᠷᠬᠡ ᠪᠠᠨ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/27
     ︽ᠨᠠᠮ ᠳᠠᠭᠠᠨ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ︽ᠵᠢᠷᠭᠤᠭᠠᠨ ᠥᠭᠦᠯᠡᠪᠦᠷᠢ  ᠶᠢᠨ ᠪᠣᠳᠠᠲᠤ ᠬᠡᠷᠡᠭ ᠪᠠ ᠶᠣᠰᠣ ᠤᠴᠢᠷ︾ ᠢ ᠭᠦᠨᠵᠡᠭᠡᠢ ᠣᠶᠢᠯᠠᠭᠠᠬᠤ ᠶᠢᠨ ᠲᠤᠰᠠᠳᠠ᠂ 2024 ᠣᠨ ᠤ 2 ᠰᠠᠷ᠎ᠠ ᠶᠢᠨ 23 ᠤ ᠡᠳᠦᠷ᠂ ᠦᠴᠦᠸᠠᠨ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠤᠯᠠᠮᠵᠢᠯᠠᠯᠲᠤ ᠥᠯᠵᠡᠶᠢᠲᠦ ᠡᠳᠦᠷ ᠤᠨ ᠪᠠᠶᠠᠷ ᠤᠨ ᠡᠨᠡ ᠬᠦ ᠠᠵᠠ ᠲᠣᠬᠢᠶᠠᠯ ᠢ ᠠᠰᠢᠭᠯᠠᠨ᠂ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠲᠦᠷᠦ ᠶᠢᠨ ᠪᠣᠳᠣᠯᠭ᠎ᠠ᠂ ᠨᠡᠶᠢᠭᠡᠮ ᠤᠨ ᠳᠠᠭᠠᠳᠬᠠᠯ ᠤᠨ ᠲᠦᠷᠦ ᠶᠢᠨ ᠪᠣᠳᠣᠯᠭ᠎ᠠ᠂ ᠬᠥᠳᠡᠯᠮᠦᠷᠢ ᠬᠦᠴᠦᠨ ᠤ ᠡᠷᠬᠡ ᠶᠢ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
     ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠺᠠᠳ᠋ᠷ ᠴᠡᠴᠡᠷᠯᠢᠭ ᠢᠶᠠᠷ ᠵᠤᠭᠠᠴᠠᠬᠤ ᠣᠯᠠᠨ ᠲᠦᠮᠡᠨ ᠳᠤ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠭᠰᠠᠨ ᠪᠥᠭᠡᠳ ᠣᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠣᠶᠤᠲᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ᠂ ᠠᠵᠢᠯ ᠠᠯᠳᠠᠯᠲᠠ ᠶᠢᠨ ᠳᠠᠭᠠᠳᠬᠠᠯ ᠢ ᠭᠤᠶᠤᠴᠢᠯᠠᠨ ᠠᠪᠬᠤ᠂ ᠬᠤᠪᠢ ᠬᠥᠮᠥᠨ ᠤ ᠠᠮᠢᠳᠤᠯᠢᠭ ᠢᠶᠠᠷ ᠠᠵᠢᠯ ᠣᠯᠬᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠢ ᠪᠤᠳᠤᠵᠤ ᠣᠯᠭᠤᠬᠤ ᠵᠡᠷᠭᠡ ᠬᠠᠯᠠᠭᠤᠨ ᠴᠡᠭ ᠤᠨ ᠠᠰᠠᠭᠤᠳᠠᠯ ᠳᠤ ︽ᠨᠢᠭᠡ ᠨᠢᠭᠡ ᠪᠠᠷ︾ ᠬᠠᠷᠢᠭᠤᠯᠲᠠ ᠥᠭᠪᠡ᠃      ᠠᠵᠢᠯᠯᠠᠭ᠎ᠠ ᠶᠢᠨ ᠶᠠᠪᠤᠴᠠ ᠳᠤ᠂ ᠠᠵᠢᠯᠲᠠᠳ ᠪᠠᠰᠠ 2 ᠰᠠᠷ᠎ᠠ ᠶᠢᠨ 29 ᠤ ᠡᠳᠦᠷ ᠶᠠᠪᠤᠭᠳᠠᠬᠤ ᠪᠠᠷ ᠪᠠᠶᠢᠭ᠎ᠠ 2024 ᠣᠨ ᠤ ︽ᠬᠠᠪᠤᠷ ᠤᠨ ᠰᠠᠯᠬᠢᠨ ᠳᠤ ᠠᠵᠢᠯ ᠤᠨ ᠪᠠᠶᠢᠷᠢ ᠬᠦᠷᠭᠡᠵᠦ ᠠᠵᠢᠯ ᠣᠯᠭᠤᠯᠲᠠ ᠶᠢ ᠠᠬᠢᠭᠤᠯᠬᠤ ᠨᠠᠷᠢᠯᠢᠭ ᠣᠨᠣᠴᠠᠲᠠᠢ ᠦᠢᠯᠡᠴᠢᠯᠡᠭᠡ ᠪᠠᠷ ᠬᠥᠭᠵᠢᠯᠲᠡ ᠶᠢ ᠳᠡᠮᠵᠢᠬᠦ︾ ᠲᠤᠰᠬᠠᠢ ᠠᠵᠢᠯᠲᠠᠨ ᠡᠯᠰᠡᠬᠦ ᠬᠤᠷᠠᠯ ᠤᠨ ᠮᠡᠳᠡᠭᠡ ᠵᠠᠩᠭᠢ ᠶᠢ ᠣᠯᠠᠨ ᠲᠦᠮᠡᠨ ᠳᠤ ᠤᠬᠠᠭᠤᠯᠤᠨ ᠳᠡᠯᠭᠡᠷᠡᠭᠦᠯᠪᠡ᠃      ᠬᠤᠶᠢᠰᠢᠳᠠ ᠦᠴᠦᠸᠠᠨ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ  ᠶᠢᠨ ᠲᠣᠪᠴᠢᠶ᠎ᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠡᠨᠡᠬᠦ ᠭᠤᠣᠯ ᠱᠤᠭᠤᠮ ᠤᠨ ᠲᠣᠭᠤᠷᠢᠨ ᠳᠤ ︽ᠨᠠᠮ ᠳᠠᠭᠠᠨ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ᠂ ᠬᠤᠣᠰᠯᠠᠨ ᠬᠠᠪᠰᠤᠷᠴᠤ ᠲᠡᠳᠬᠦᠬᠦ᠂ ᠳᠠᠭᠠᠭᠠᠴᠢᠯᠠᠨ ᠬᠤᠯᠪᠣᠭᠠᠯᠠᠵᠤ ᠬᠠᠮᠲᠤ ᠪᠠᠷ ᠪᠠᠶᠢᠭᠤᠯᠬᠤ᠂ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠭᠦᠯᠬᠦ ᠠᠵᠢᠯ ᠢ ᠣᠯᠠᠨ ᠲᠦᠮᠡᠨ ᠤ ᠰᠡᠳᠬᠢᠯ ᠳᠤ ᠣᠷᠣᠭᠤᠯᠬᠤ ᠪᠣᠯᠣᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号