ᠥᠯᠵᠡᠶᠢᠲᠦ ᠦᠳᠡᠰᠢ ᠶᠢᠨ ᠪᠠᠶᠠᠷ ᠤᠨ ᠳᠠᠭᠤᠤ ᠬᠥᠭᠵᠢᠮ ᠤᠨ ᠬᠤᠸᠠᠷ ᠫᠤᠤᠵᠢᠩ ᠭᠡᠷᠡᠯ ᠭᠢᠯᠪᠠᠭ᠎ᠠ ᠰᠠᠴᠤᠷᠠᠨ ᠦᠴᠦᠸᠠᠨ ᠢ ᠭᠡᠷᠡᠯᠲᠦᠭᠦᠯᠦᠨ᠎ᠡ
ᠨᠡᠶᠢᠲᠡᠯᠡᠭᠰᠡᠨ ᠴᠠᠭ᠄
2024/2/27
     2 ᠰᠠᠷ᠎ᠠ ᠶᠢᠨ 24 ᠤ ᠣᠷᠣᠢ ᠶᠢᠨ 8 ᠴᠠᠭ ᠲᠤ᠂ ᠦᠴᠦᠸᠠᠨ ᠰᠢᠶᠠᠨ ᠤ 2024 ᠣᠨ ᠤ ᠥᠯᠵᠡᠶᠢᠲᠦ ᠡᠳᠦᠷ ᠤᠨ ᠪᠠᠶᠠᠷ ᠤᠨ ᠳᠠᠭᠤᠤ ᠬᠥᠭᠵᠢᠮ ᠤᠨ ᠬᠤᠸᠠᠷ ᠫᠤᠤᠵᠢᠩ ᠤᠨ ᠦᠵᠡᠭᠦᠯᠦᠯᠭᠡ ᠭᠠᠯ ᠪᠠᠮᠪᠠᠷ ᠤᠨ ᠲᠠᠯᠠᠪᠠᠢ ᠳᠤ ᠶᠠᠪᠤᠭᠳᠠᠵᠤ᠂ ᠬᠡᠳᠦᠨ ᠲᠦᠮᠡᠨ ᠬᠤᠸᠠᠷ ᠫᠤᠤᠵᠢᠩ ᠦᠴᠦᠸᠠᠨ ᠤ ᠣᠭᠲᠠᠷᠭᠤᠢ ᠳᠤ ᠥᠷᠢᠰᠦᠯᠳᠦᠨ ᠳᠡᠯᠭᠡᠷᠡᠵᠦ᠂ ᠬᠤᠸᠠᠷ ᠫᠤᠤᠵᠢᠩ ᠤᠨ ᠦᠵᠡᠭᠦᠯᠦᠯᠭᠡ 20 ᠮᠢᠨᠦ᠋ᠲ ᠰᠢᠬᠠᠮ ᠦᠷᠭᠦᠯᠵᠢᠯᠡᠵᠦ᠂ ᠬᠤᠸᠠᠷ ᠫᠤᠤᠵᠢᠩ ᠬᠤᠳᠠ ᠶᠢᠨ ᠰᠥᠨᠢ ᠶᠢᠨ ᠦᠵᠡᠮᠵᠢ ᠲᠠᠢ ᠰᠣᠯᠪᠢᠴᠠᠨ ᠬᠡᠷᠡᠯᠳᠦᠵᠦ᠂ ᠥᠷᠭᠡᠨ ᠤᠯᠠᠨ ᠲᠦᠮᠡᠨ ᠪᠣᠯᠣᠨ ᠵᠤᠭᠠᠴᠠᠭᠰᠠᠳ ᠲᠤ ᠭᠤᠴᠣ ᠰᠠᠶᠢᠬᠠᠨ ᠬᠠᠷᠠᠭᠠᠨ ᠤ ᠦᠪᠡᠳᠡᠭᠰᠢ ᠨᠠᠶᠢᠷ ᠢ ᠳᠡᠪᠰᠢᠭᠦᠯᠪᠡ᠃
     ᠳᠠᠭᠤᠤ ᠬᠥᠭᠵᠢᠮ ᠤᠨ ᠠᠶᠢᠵᠠᠮ ᠴᠣᠬᠢᠯᠭ᠎ᠠ ᠶᠢ ᠳᠠᠭᠠᠯᠳᠤᠨ᠂ ᠨᠢᠳᠦ ᠭᠢᠯᠠᠰᠤᠮ᠎ᠠ ᠭᠡᠷᠡᠯ ᠭᠢᠯᠪᠠᠭ᠎ᠠ ᠰᠥᠨᠢ ᠶᠢ ᠭᠡᠷᠡᠯᠲᠦᠭᠦᠯᠵᠦ᠂ ᠬᠤᠸᠠᠷ ᠫᠤᠤᠵᠢᠩ ᠣᠭᠲᠠᠷᠭᠤᠢ ᠳᠤ ᠰᠠᠴᠤᠷᠠᠨ ᠳᠡᠯᠭᠡᠷᠡᠵᠦ᠂ ᠰᠦᠷᠯᠢᠭ ᠰᠠᠶᠢᠬᠠᠨ ᠬᠤᠸᠠᠷ ᠫᠤᠤᠵᠢᠩ ᠤᠨ ᠦᠵᠡᠮᠵᠢ ᠥᠩᠭᠡ ᠢᠯᠭᠠᠷᠠᠭᠰᠠᠨ ᠦᠵᠡᠰᠬᠦᠯᠡᠩᠲᠦ ᠰᠠᠶᠢᠬᠠᠨ ᠵᠢᠷᠤᠭ ᠳᠦᠷᠰᠦ ᠪᠠᠷ ᠦᠶ᠎ᠡ ᠦᠶ᠎ᠡ ᠶᠢᠨ ᠰᠢᠨ᠎ᠡ ᠶᠢ ᠡᠭᠦᠳᠦᠨ ᠲᠡᠮᠡᠴᠡᠭᠰᠡᠨ ᠦᠴᠤᠸᠠᠨ ᠤ ᠬᠥᠮᠦᠰ ᠤᠨ ᠡᠮᠦᠨᠡᠬᠢ ᠪᠠᠨ ᠵᠠᠯᠭᠠᠮᠵᠢᠯᠠᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠴᠢᠷᠮᠠᠶᠢᠨ ᠪᠠᠶᠢᠭᠤᠯᠵᠤ᠂ ᠳᠠᠪᠠᠯᠳᠠᠳᠤ ᠮᠠᠶ᠋ᠢᠭ ᠤᠨ ᠬᠥᠭᠵᠢᠯᠲᠡ ᠪᠠᠷ ︽ᠵᠢᠷᠭᠤᠭᠠᠨ ᠰᠢᠨ᠎ᠡ ᠦᠴᠤᠸᠠᠨ︾ ᠤ ᠰᠠᠶᠢᠨ ᠰᠠᠶᠢᠬᠠᠨ ᠬᠦᠰᠡᠯ ᠡᠷᠡᠮᠡᠯᠵᠡᠯ ᠳᠤ ᠬᠦᠴᠦᠨ ᠨᠡᠮᠡᠷᠢᠯᠡᠵᠦ ᠪᠠᠶᠢᠭ᠎ᠠ ᠶᠢ ᠢᠯᠡᠳᠬᠡᠪᠡ᠃
     ︽ᠶᠠᠭᠠᠬᠢᠭᠰᠠᠨ ᠰᠠᠢᠬᠠᠨ ᠪᠤᠢ︾ ︽ᠦᠨᠡᠬᠡᠷ ᠬᠥᠮᠥᠨ ᠢ ᠰᠣᠴᠢᠭᠠᠴᠢᠬᠠᠯ᠎ᠠ︾ ᠠᠭᠤᠷ ᠠᠮᠢᠰᠬᠤᠯ ᠬᠠᠬᠢᠷ ᠬᠦᠢᠲᠡᠨ ᠪᠠᠶᠢᠭᠰᠠᠨ ᠴᠤ ᠤᠯᠠᠨ ᠲᠦᠮᠡᠨ ᠪᠣᠯᠣᠨ ᠵᠤᠭᠠᠴᠠᠭᠰᠠᠳ ᠤᠨ ᠬᠠᠯᠠᠭᠤᠨ ᠰᠡᠳᠬᠢᠯᠭᠡ ᠶᠢ ᠬᠠᠰᠢᠵᠤ ᠳᠡᠶᠢᠯᠬᠦ ᠦᠭᠡᠢ᠂ ᠲᠤᠬᠠᠢ ᠶᠢᠨ ᠲᠠᠯᠠᠪᠠᠢ ᠳᠤ ᠬᠥᠮᠥᠰ ᠤᠨ ᠤᠷᠠᠢ ᠬᠠᠰᠬᠢᠷᠤᠯᠳᠤᠵᠤ᠂ ᠬᠥᠮᠥᠰ ᠭᠠᠷ ᠤᠲᠠᠰᠤ ᠪᠠᠨ ᠥᠨᠳᠥᠷ ᠡᠷᠭᠦᠵᠦ᠂ ᠡᠨᠡᠬᠦ ᠬᠤᠸᠠᠷ ᠫᠤᠤᠵᠢᠩ ᠤᠨ ᠭᠡᠷᠡᠯ ᠰᠠᠴᠤᠷᠠᠭᠰᠠᠨ ᠪᠠᠶᠠᠷ ᠤᠨ ᠴᠠᠭ ᠮᠥᠴᠡ ᠶᠢ ᠲᠡᠮᠳᠡᠭᠯᠡᠵᠦ᠂ ᠭᠠᠷ ᠤᠨ ᠠᠶ᠎ᠠ ᠪᠠᠷ ᠨᠢᠭᠡ ᠰᠡᠭᠦᠳᠡᠷᠯᠡᠬᠦ ᠳᠤ ︽ᠺᠢᠨᠣ᠋︾ ᠮᠡᠲᠦ ᠪᠠᠶᠢᠯ᠎ᠠ᠃
     ᠰᠥᠨᠢ ᠶᠢᠨ ᠣᠭᠲᠠᠷᠭᠤᠢ ᠪᠠᠷ ᠬᠥᠰᠢᠭᠡ ᠪᠠᠨ ᠪᠣᠯᠭᠠᠵᠤ᠂ ᠬᠤᠸᠠᠷ ᠫᠤᠤᠵᠢᠩ ᠢᠶᠠᠷ ᠪᠢᠷ ᠪᠠᠷᠢᠵᠤ᠂ ᠲᠦᠮᠡᠨ ᠭᠡᠷ ᠤᠨ ᠳ᠋ᠧᠩ ᠤᠨ ᠭᠡᠷᠡᠯ ᠳᠤ ᠪᠠᠶᠠᠷ ᠤᠨ ᠡᠳᠦᠷ ᠢ ᠬᠠᠮᠲᠤ ᠪᠠᠷ ᠪᠡᠯᠭᠡᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠰᠤᠯᠴᠠᠯ ᠤᠨ ᠤᠷᠠᠯᠢᠭ ᠢᠶᠠᠷ ᠦᠴᠦᠸᠠᠨ ᠤ ᠡᠬᠡ ᠭᠠᠵᠠᠷ ᠢ ᠭᠡᠷᠡᠯᠳᠦᠭᠦᠯᠵᠦ᠂ ᠦᠴᠦᠸᠠᠨ ᠤ ᠰᠢᠨ᠎ᠡ ᠨᠢᠭᠡ ᠵᠢᠯ ᠤᠨ ᠠᠪᠤᠷᠭᠤ ᠯᠣᠣ ᠳᠡᠭᠦᠯᠢᠨ᠂ ᠥᠷᠨᠢᠭᠦᠨ ᠬᠥᠭᠵᠢᠬᠦ ᠶᠢ ᠢᠷᠦᠭᠡᠶ᠎ᠡ︕ ︵ᠰᠤᠷᠪᠤᠯᠵᠢᠯᠠᠭᠴᠢ᠄ ᠯᠢᠦ ᠪᠠᠢ ᠢᠦᠢ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号