︽ᠥᠪᠥᠷ ᠮᠣᠩᠭᠤᠯ ᠤᠨ ᠵᠠᠮ ᠬᠠᠷᠢᠯᠴᠠᠭᠠᠨ ᠤ ᠴᠠᠭᠳᠠᠭ᠎ᠠ︾ ᠪᠢᠴᠢᠯ ᠪᠦᠷᠭᠡ ᠪᠦᠭᠦ ᠤᠯᠤᠰ ᠤᠨ ᠱᠠᠩᠨᠠᠯ ᠬᠥᠬᠢᠭᠦᠯᠦᠯ ᠢ ᠬᠦᠷᠲᠡᠵᠡᠢ
ᠨᠡᠶᠢᠲᠡᠯᠡᠭᠰᠡᠨ ᠴᠠᠭ᠄
2024/2/27
     ︽2023 ᠣᠨ ᠤ ᠵᠠᠰᠠᠭ ᠤᠨ ᠶᠠᠪᠤᠳᠠᠯ ᠤᠨ ᠪᠢᠴᠢᠯ ᠪᠦᠷᠭᠡ ᠶᠢᠨ  ᠨᠥᠯᠥᠭᠡᠯᠡᠬᠦ ᠬᠦᠴᠦᠨ ᠤ ᠮᠡᠳᠡᠭᠦᠯᠦᠯᠲᠡ︾   ᠶᠢ ᠣᠶᠢᠷ᠎ᠠ ᠳᠤ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ ᠤ ᠪᠢᠴᠢᠯ ᠪᠦᠷᠭᠡ ︱ ︽ᠥᠪᠥᠷ ᠮᠣᠩᠭᠤᠯ ᠤᠨ ᠵᠠᠮ ᠬᠠᠷᠢᠯᠴᠠᠭᠠᠨ ᠤ ᠴᠠᠭᠳᠠᠭ᠎ᠠ︾ ᠨᠢ  ᠪᠦᠭᠦ ᠤᠯᠤᠰ ᠤᠨ ᠠᠷᠪᠠᠨ ᠶᠡᠭᠡ ᠵᠠᠮ ᠬᠠᠷᠢᠯᠴᠠᠭᠠᠨ ᠤ ᠴᠠᠭᠳᠠᠭ᠎ᠠ ᠶᠢᠨ ᠪᠢᠴᠢᠯ ᠪᠦᠷᠭᠡ ᠶᠢᠨ ᠬᠤᠶᠠᠳᠤᠭᠠᠷ ᠨᠡᠷᠡᠰ ᠪᠣᠯᠣᠨ ᠥᠪᠥᠷ ᠮᠣᠩᠭᠤᠯ ᠤᠨ ᠠᠷᠪᠠᠨ ᠶᠡᠭᠡ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠪᠢᠴᠢᠯ ᠪᠦᠷᠭᠡ ᠶᠢᠨ ᠨᠢᠭᠡᠳᠦᠭᠡᠷ ᠨᠡᠷᠡᠰ ᠲᠤ ᠲᠣᠳᠣᠷᠠᠪᠠ᠃      ︽2023 ᠣᠨ ᠤ ᠵᠠᠰᠠᠭ ᠤᠨ ᠶᠠᠪᠤᠳᠠᠯ ᠤᠨ ᠪᠢᠴᠢᠯ ᠪᠦᠷᠭᠡ ᠶᠢᠨ ᠨᠥᠯᠥᠭᠡᠯᠡᠬᠦ ᠬᠦᠴᠦᠨ ᠤ ᠨᠡᠷᠡᠰ ᠤᠨ ᠵᠢᠭᠰᠠᠭᠠᠯᠲᠠ︾ ᠶᠢᠨ ᠦᠨᠡᠯᠡᠬᠦ ᠡᠲᠡᠭᠡᠳ ᠲᠤ ᠪᠦᠭᠦ ᠤᠯᠤᠰ ᠤᠨ ᠪᠤᠶ ᠪᠦᠬᠦᠢ ᠪᠢᠴᠢᠯ ᠪᠦᠷᠭᠡ ᠶᠢᠨ ᠭᠡᠷᠡᠴᠢᠯᠡᠭᠡ ᠶᠢ ᠳᠠᠮᠵᠢᠭᠰᠠᠨ ᠪᠠᠶᠢᠭᠤᠯᠤᠮᠵᠢ ᠶᠢᠨ ᠠᠯᠪᠠᠨ ᠤ ᠪᠢᠴᠢᠯ ᠪᠦᠷᠭᠡ ᠶᠢ ᠪᠠᠭᠲᠠᠭᠠᠵᠠᠢ᠃ 2023 ᠣᠨ ᠳᠤ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠠᠯᠪᠠᠨ ᠤ ᠪᠢᠴᠢᠯ ᠪᠦᠷᠭᠡ ᠨᠡᠶᠢᠳᠡ 36 ᠤᠳᠠᠭ᠎ᠠ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠪᠢᠴᠢᠯ ᠪᠦᠷᠭᠡ ᠶᠢᠨ ᠡᠮᠦᠨ᠎ᠡ ᠭᠤᠷᠪᠠᠨ ᠨᠡᠷᠡᠰ ᠲᠤ ᠵᠢᠭᠰᠠᠭᠠᠭᠳᠠᠵᠠᠢ᠃ 2023 ᠣᠨ ᠳᠤ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠠᠯᠪᠠᠨ ᠤ ᠪᠢᠴᠢᠯ ᠪᠦᠷᠭᠡ 4515 ᠵᠣᠬᠢᠶᠠᠯ ᠨᠡᠶᠢᠲᠡᠯᠡᠵᠦ᠂ ᠤᠩᠰᠢᠯᠭ᠎ᠠ ᠶᠢᠨ ᠶᠡᠷᠦᠩᠬᠡᠢ ᠬᠡᠮᠵᠢᠶ᠎ᠡ 1.6 ᠳ᠋ᠦᠩᠰᠢᠭᠤᠷ ᠤᠳᠠᠭ᠎ᠠ ᠶᠢ ᠳᠠᠪᠠᠪᠠ᠃ ᠰᠦᠯᠵᠢᠶᠡᠨ ᠠᠨᠳᠠ ᠨᠠᠷ ᠲᠠᠢ 356 ᠲᠦᠮᠡᠨ ᠤᠳᠠᠭ᠎ᠠ ᠬᠥᠳᠡᠯᠦᠯᠴᠡᠵᠦ᠂ ᠳᠠᠮᠵᠢᠭᠤᠯᠤᠨ ᠲᠠᠷᠬᠠᠭᠠᠭᠰᠠᠨ ᠬᠡᠮᠵᠢᠶ᠎ᠡ 154 ᠲᠦᠮᠡᠨ ᠤᠳᠠᠭ᠎ᠠ ᠶᠢ ᠳᠠᠪᠠᠵᠤ᠂ ᠮᠠᠭᠲᠠᠨ ᠰᠠᠶᠢᠰᠢᠶᠠᠭᠳᠠᠭᠰᠠᠨ ᠬᠡᠮᠵᠢᠶ᠎ᠡ 202 ᠲᠦᠮᠡᠨ ᠤᠳᠠᠭ᠎ᠠ ᠶᠢ ᠳᠠᠪᠠᠪᠠ᠃      ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠪᠢᠴᠢᠯ ᠪᠦᠷᠭᠡ ᠨᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠭᠠᠳᠠᠭᠰᠢ ᠤᠬᠠᠭᠤᠯᠬᠤ ᠴᠣᠩᠬᠤᠪᠴᠢ ᠪᠣᠯᠤᠭᠰᠠᠨ ᠤ ᠬᠤᠪᠢ ᠳᠤ᠂  ᠬᠠᠤᠯᠢ  ᠠᠴᠠ ᠵᠥᠷᠢᠴᠡᠭᠰᠡᠨ ᠪᠠᠶᠢᠳᠠᠯ ᠢ ᠨᠡᠶᠢᠲᠡᠯᠡᠬᠦ᠂ ᠢᠯᠡᠴᠢᠯᠡᠨ ᠮᠡᠳᠡᠭᠦᠯᠦᠯᠲᠡ ᠶᠢ  ᠭᠥᠯᠢᠶᠡᠨ ᠠᠪᠬᠤ ᠵᠡᠷᠭᠡ ᠡᠭᠦᠷᠭᠡ ᠴᠢᠳᠠᠪᠬᠢ ᠲᠠᠢ ᠪᠠᠶᠢᠬᠤ ᠪᠠᠷ ᠪᠠᠷᠠᠬᠤ ᠦᠭᠡᠢ ᠪᠠᠰᠠ ᠰᠦᠯᠵᠢᠶᠡᠨ ᠠᠨᠳᠠ ᠨᠠᠷ ᠲᠤ ᠬᠤᠲᠠ ᠶᠢᠨ ᠵᠠᠮ ᠬᠠᠷᠢᠯᠴᠠᠭᠠᠨ ᠤ ᠲᠤᠬᠠᠢ ᠶᠢᠨ ᠴᠠᠭ ᠤᠨ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号