ᠥᠰᠦᠭ ᠪᠢᠴᠢᠭ ᠤᠨ ᠲᠠᠶᠢᠯᠤᠮᠵᠢ᠄ ︽ᠦᠴᠦᠸᠠᠨ ᠰᠢᠶᠠᠨ ᠤ 2024 ᠣᠨ ᠤ ︿ᠬᠠᠪᠤᠷ ᠤᠨ ᠰᠠᠯᠬᠢᠨ ᠤ ᠠᠵᠢᠯᠯᠠᠭ᠎ᠠ﹀ ᠶᠢᠨ ᠡᠬᠢᠯᠡᠯᠲᠡ ᠶᠢᠨ ᠶᠣᠰᠣᠯᠠᠯ ᠵᠢᠴᠢ ᠲᠤᠬᠠᠢ ᠶᠢᠨ ᠲᠠᠯᠠᠪᠤᠷ ᠤᠨ ᠠᠵᠢᠯᠲᠠᠨ ᠡᠯᠰᠡᠬᠦ ᠬᠤᠷᠠᠯ ᠤᠨ ᠬᠡᠷᠡᠭᠵᠢᠭᠦᠯᠬᠦ ᠲᠥᠰᠥᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2024/2/27
     ᠨᠢᠭᠡ᠂ ᠲᠣᠭᠲᠠᠭᠠᠭᠰᠠᠨ ᠠᠬᠤᠢ ᠪᠠᠶᠢᠳᠠᠯ ᠵᠢᠴᠢ ᠦᠨᠳᠦᠰᠦᠯᠡᠯ᠄ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠶᠡᠭᠡ ᠬᠤᠷᠠᠯ ᠤᠨ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠤᠨ᠂ ᠴᠠᠭᠠᠨ ᠰᠠᠷ᠎ᠠ ᠶᠢᠨ ᠡᠮᠦᠨ᠎ᠡ ᠬᠤᠶᠢᠨᠠᠬᠢ ᠬᠥᠳᠡᠯᠮᠦᠷᠢᠴᠢᠳ ᠤᠨ ᠠᠵᠢᠯ ᠤᠨ ᠪᠠᠶᠢᠷᠢ ᠰᠣᠯᠢᠬᠤ ᠣᠷᠭᠢᠯ ᠤᠨ ᠬᠤᠭᠤᠴᠠᠭ᠎ᠠ ᠪᠠ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠵᠠᠩᠭᠢᠯᠠᠭ᠎ᠠ ᠶᠢᠨ ᠬᠤᠭᠤᠴᠠᠭᠠᠨ ᠤ ᠠᠵᠢᠯ ᠣᠯᠭᠤᠯᠲᠠ ᠶᠢᠨ ᠠᠵᠢᠯ ᠢ ᠰᠠᠶᠢᠲᠤᠷ ᠬᠢᠵᠦ᠂ ᠪᠥᠬᠦ ᠬᠦᠴᠦᠨ ᠢᠶᠠᠷ ᠢᠶᠠᠨ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ᠂ ᠠᠵᠢᠯᠴᠢᠨ ᠬᠡᠷᠡᠭᠯᠡᠬᠦ ᠶᠢ ᠪᠠᠲᠤᠯᠠᠵᠤ᠂ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ︽2024 ᠣᠨ ᠤ ᠬᠠᠪᠤᠷ ᠤᠨ ᠰᠠᠯᠬᠢᠨ ᠤ ᠠᠵᠢᠯᠯᠠᠭ᠎ᠠ ᠥᠷᠨᠢᠭᠦᠯᠬᠦ ᠲᠤᠬᠠᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠵᠡᠷᠭᠡ ᠶᠢᠰᠦᠨ ᠰᠠᠯᠠᠭ᠎ᠠ ᠮᠥᠴᠢᠷ ᠤᠨ ᠮᠡᠳᠡᠭᠳᠡᠯ︾ ︵ᠬᠥᠮᠥᠨ ᠨᠡᠶᠢᠭᠡᠮ ᠰᠠᠯᠠᠭ᠎ᠠ ᠵᠠᠬᠢᠳᠠᠯ ﹇2024﹈ 3 ᠳ᠋ᠤᠭᠠᠷ ᠲᠣᠭᠠᠲᠤ︶ ᠢ ᠦᠨᠳᠦᠰᠦᠯᠡᠨ᠂ ᠦᠴᠦᠸᠠᠨ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠮᠠᠨ ᠤ ᠰᠢᠶᠠᠨ ᠤ ᠪᠣᠳᠠᠲᠠᠢ ᠲᠠᠢ ᠪᠠᠨ ᠤᠶᠠᠯᠳᠤᠭᠤᠯᠤᠨ᠂ ︽ᠦᠴᠦᠸᠠᠨ ᠰᠢᠶᠠᠨ ᠤ 2024 ᠣᠨ ᠤ ︿ᠬᠠᠪᠤᠷ ᠤᠨ ᠰᠠᠯᠬᠢᠨ ᠤ ᠠᠵᠢᠯᠯᠠᠭ᠎ᠠ﹀ ᠶᠢᠨ ᠡᠬᠢᠯᠡᠯᠲᠡ ᠶᠢᠨ ᠶᠣᠰᠣᠯᠠᠯ ᠵᠢᠴᠢ ᠲᠤᠬᠠᠢ ᠶᠢᠨ ᠲᠠᠯᠠᠪᠤᠷ ᠤᠨ ᠠᠵᠢᠯᠲᠠᠨ ᠡᠯᠰᠡᠬᠦ ᠬᠤᠷᠠᠯ ᠤᠨ ᠬᠡᠷᠡᠭᠵᠢᠭᠦᠯᠬᠦ ᠲᠥᠰᠥᠯ︾ ᠢ ᠲᠦᠷᠦᠭᠦᠯᠡᠨ ᠲᠣᠭᠲᠠᠭᠠᠪᠠ᠃      ᠬᠤᠶᠠᠷ᠂ ᠭᠤᠣᠯ ᠬᠠᠷᠠᠯᠲᠠ᠄ ︵ᠨᠢᠭᠡ︶ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠦᠨ᠎ᠡ᠃ ᠬᠥᠳᠡᠯᠮᠦᠷᠢᠴᠢᠳ ᠲᠤ ᠠᠵᠢᠯ ᠣᠯᠭᠤᠯᠲᠠ ᠶᠢᠨ ᠲᠤᠬᠠᠢ ᠲᠦᠷᠦ ᠶᠢᠨ ᠪᠣᠳᠣᠯᠭ᠎ᠠ᠂ ᠦᠢᠯᠡᠴᠢᠯᠡᠭᠡᠨ ᠤ ᠠᠷᠭ᠎ᠠ ᠬᠡᠮᠵᠢᠶ᠎ᠡ ᠵᠢᠴᠢ ᠭᠤᠶᠤᠴᠢᠯᠠᠬᠤ ᠠᠷᠭ᠎ᠠ ᠵᠠᠮ ᠢ ᠣᠶᠢᠯᠠᠭᠠᠭᠤᠯᠵᠤ᠂ ᠬᠡᠷᠡᠭᠴᠡᠭᠡ ᠲᠠᠢ ᠳᠤ ᠴᠥᠮ ᠠᠵᠢᠯ ᠣᠯᠭᠤᠯᠲᠠ ᠶᠢᠨ ᠲᠦᠷᠦ ᠶᠢᠨ ᠪᠣᠳᠣᠯᠭ᠎ᠠ ᠪᠠ ᠠᠵᠢᠯ ᠣᠯᠭᠤᠯᠲᠠ ᠶᠢᠨ ᠦᠢᠯᠡᠴᠢᠯᠡᠭᠡ ᠶᠢ ᠡᠳ᠋ᠯᠡᠭᠦᠯᠵᠦ᠂ ᠡᠮᠬᠢ ᠵᠢᠷᠤᠮ ᠲᠠᠢ ᠪᠠᠷ ᠠᠵᠢᠯ ᠤᠨ ᠪᠠᠶᠢᠷᠢ ᠳᠤᠨᠢ ᠪᠤᠴᠠᠭᠠᠬᠤ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠪᠡᠶᠡᠯᠡᠭᠦᠯᠦᠨ᠎ᠡ᠃ ︵ᠬᠤᠶᠠᠷ︶ ᠠᠵᠢᠯᠴᠢᠨ ᠬᠡᠷᠡᠭᠯᠡᠬᠦ ᠶᠢ ᠪᠠᠲᠤᠯᠠᠵᠤ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠤᠨ᠎ᠠ᠃ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠲᠠᠢ ᠬᠥᠮᠥᠨ ᠬᠡᠷᠡᠭᠯᠡᠬᠦ ᠨᠢᠭᠡᠴᠢ ᠳᠤ ᠬᠠᠮᠢᠶ᠎ᠠ ᠪᠦᠬᠦᠢ ᠠᠵᠢᠯᠴᠢᠨ ᠡᠯᠰᠡᠬᠦ ᠦᠢᠯᠡᠴᠢᠯᠡᠭᠡ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠬᠦᠷᠲᠡᠭᠡᠵᠦ᠂ ᠠᠵᠢᠯ ᠡᠬᠢᠯᠡᠭᠦᠯᠦᠨ ᠦᠢᠯᠡᠳᠪᠦᠷᠢᠯᠡᠯ ᠢᠶᠠᠨ ᠰᠡᠷᠭᠦᠭᠡᠬᠦ ᠳᠤ ᠬᠦᠴᠦᠲᠡᠢ ᠲᠤᠯᠭᠠᠭᠤᠷᠢᠯᠠᠯ ᠣᠯᠭᠤᠵᠤ᠂ ᠠᠵᠢᠯ ᠡᠬᠢᠯᠡᠭᠦᠯᠦᠨ ᠡᠷᠡᠭᠦᠯ ᠢᠶᠠᠷ ᠬᠥᠭᠵᠢᠭᠦᠯᠬᠦ ᠶᠢ ᠪᠡᠶᠡᠯᠡᠭᠦᠯᠦᠨ᠎ᠡ᠃ ︵ᠭᠤᠷᠪᠠ︶ ᠬᠠᠯᠠᠭᠤᠨ ᠢ ᠨᠡᠮᠡᠭᠳᠡᠭᠦᠯᠦᠨ ᠵᠠᠬ᠎ᠠ ᠳᠡᠯᠭᠡᠭᠦᠷ ᠤᠨ ᠢᠲᠡᠭᠡᠯ ᠢ ᠴᠢᠩᠭᠠᠷᠠᠭᠤᠯᠤᠨ᠎ᠠ᠃ ᠬᠥᠳᠡᠯᠮᠦᠷᠢᠴᠢᠨ ᠪᠠ ᠬᠥᠮᠥᠨ ᠬᠡᠷᠡᠭᠯᠡᠬᠦ ᠨᠢᠭᠡᠴᠢ ᠳᠤ ᠦᠢᠯᠡᠴᠢᠯᠡᠭᠡᠨ ᠤ ᠬᠠᠯᠠᠭᠤᠨ ᠳᠤᠯᠠᠭᠠᠨ ᠢ ᠮᠡᠳᠡᠷᠡᠭᠦᠯᠵᠦ᠂ ᠬᠥᠳᠡᠯᠮᠦᠷᠢ ᠶᠢᠨ ᠬᠦᠴᠦᠨ ᠤ ᠵᠠᠬ᠎ᠠ ᠳᠡᠯᠭᠡᠭᠦᠷ ᠤᠨ ᠬᠠᠯᠠᠮᠰᠢᠯ ᠢ ᠳᠡᠭᠡᠭᠰᠢᠯᠡᠭᠦᠯᠵᠦ᠂ ᠬᠥᠳᠡᠯᠮᠦᠷᠢᠴᠢᠨ ᠤ ᠠᠵᠢᠯ ᠡᠷᠢᠬᠦ ᠪᠠ ᠬᠤᠳᠠ ᠶᠢᠨ ᠬᠠᠮᠠᠭᠠᠯᠠᠯᠲᠠ ᠶᠢᠨ ᠭᠤᠣᠯ ᠴᠣᠭᠴᠠ ᠶᠢᠨ ᠬᠥᠭᠵᠢᠯᠲᠡ ᠶᠢᠨ ᠢᠲᠡᠭᠡᠯ ᠢ ᠬᠥᠪᠴᠢᠯᠡᠵᠦ᠂ ᠴᠢᠨᠠᠷ ᠰᠠᠶᠢᠲᠠᠢ ᠬᠥᠭᠵᠢᠯᠲᠡ ᠳᠤ ᠪᠦᠲᠦᠮᠵᠢᠲᠡᠢ ᠬᠦᠴᠦᠨ ᠨᠡᠮᠡᠷᠢᠯᠡᠨ᠎ᠡ᠃      ᠭᠤᠷᠪᠠ᠂ ᠠᠵᠢᠯᠯᠠᠭ᠎ᠠ ᠶᠢᠨ ᠠᠭᠤᠯᠭ᠎ᠠ᠄ ︵ᠨᠢᠭᠡ︶ ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠬᠢᠬᠦ ᠶᠢ ᠲᠥᠪᠯᠡᠷᠡᠭᠦᠯᠦᠨ ᠥᠷᠨᠢᠭᠦᠯᠦᠨ᠎ᠡ᠃ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠳᠤ ᠭᠦᠨᠵᠡᠭᠡᠶᠢᠷᠡᠨ ︽ᠠᠵᠢᠯ ᠣᠯᠭᠤᠯᠲᠠ ᠶᠢᠨ ᠠᠷᠠᠳ ᠤᠨ ᠪᠠᠶᠢᠳᠠᠯ ᠢ ᠰᠤᠷᠪᠤᠯᠵᠢᠯᠠᠬᠤ︾ ᠠᠵᠢᠯ ᠢ ᠥᠷᠨᠢᠭᠦᠯᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠳᠤ ᠭᠦᠨᠵᠡᠭᠡᠶᠢᠷᠡᠨ ︽ᠠᠵᠤ ᠠᠬᠤᠶᠢᠯᠠᠯ ᠢ ᠰᠤᠷᠪᠤᠯᠵᠢᠯᠠᠨ ᠬᠡᠷᠡᠭᠴᠡᠭᠡ ᠱᠠᠭᠠᠷᠳᠠᠯᠭ᠎ᠠ ᠶᠢ ᠠᠰᠠᠭᠤᠬᠤ︾ ᠶᠢ ᠥᠷᠨᠢᠭᠦᠯᠵᠦ᠂ ︽ᠨᠢᠭᠤᠷᠲᠠᠨ ᠰᠤᠷᠪᠤᠯᠵᠢᠯᠠᠬᠤ︾᠂ ᠰᠦᠯᠵᠢᠶᠡᠨ ᠳᠡᠭᠡᠷᠡᠬᠢ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ᠂ ᠲᠣᠮᠣ ᠳ᠋ᠠᠶᠢᠲ᠋ᠠ ᠶᠢᠨ ᠵᠠᠳᠠᠯᠤᠯᠲᠠ ᠬᠢᠬᠦ ᠵᠡᠷᠭᠡ ᠣᠯᠠᠨ ᠢᠯᠡᠳᠬᠡᠬᠦ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠬᠥᠳᠡᠯᠮᠦᠷᠢᠴᠢᠳ ᠤᠨ ᠠᠵᠢᠯ ᠣᠯᠬᠤ ᠬᠦᠰᠡᠯ ᠡᠷᠡᠮᠡᠯᠵᠡᠯ ᠪᠠ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠤ᠂ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠣᠨᠴᠠᠯᠢᠭ᠂ ᠰᠢᠨ᠎ᠡ ᠬᠠᠨᠳᠤᠰᠢ ᠶᠢ ᠡᠵᠡᠮᠰᠢᠨ᠎ᠡ᠃      ︵ᠬᠤᠶᠠᠷ︶ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠥᠷᠭᠡᠨ ᠢᠶᠠᠷ ᠤᠬᠠᠭᠤᠯᠤᠨ᠎ᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠣᠰᠤᠭ᠎ᠠ ᠴᠣᠭᠴᠠᠲᠤ ᠤᠬᠠᠭᠤᠯᠭ᠎ᠠ ᠶᠢᠨ ᠵᠢᠭᠰᠠᠭᠠᠯ ᠢ ᠪᠠᠶᠢᠭᠤᠯᠵᠤ᠂ ᠬᠠᠮ ᠵᠠᠭᠤᠴᠢᠯᠠᠭᠤᠷ ᠤᠨ ᠠᠷᠭ᠎ᠠ ᠪᠠᠷᠢᠯ ᠢ ᠠᠪᠴᠤ᠂ ᠬᠠᠮᠤᠭ ᠤᠨ ᠲᠡᠷᠢᠭᠦᠨ ᠳᠤ ᠠᠵᠢᠯᠯᠠᠭ᠎ᠠ ᠶᠢᠨ ᠤᠬᠠᠭᠤᠯᠭ᠎ᠠ ᠶᠢᠨ ᠪᠡᠯᠡᠳᠬᠡᠯ ᠠᠵᠢᠯ ᠢ ᠡᠬᠢᠯᠡᠭᠦᠯᠵᠦ᠂ ᠠᠵᠢᠯᠯᠠᠭ᠎ᠠ ᠶᠢᠨ ᠡᠯ᠎ᠡ ᠵᠦᠢᠯ ᠤᠨ ᠲᠣᠬᠢᠷᠠᠭᠤᠯᠤᠯᠲᠠ ᠶᠢ ᠦᠷᠭᠦᠯᠵᠢᠯᠡᠨ ᠨᠡᠶᠢᠲᠡᠯᠡᠵᠦ᠂ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠵᠢᠴᠢ ᠬᠤᠯᠪᠣᠭᠳᠠᠯ ᠪᠦᠬᠦᠢ ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠬᠠᠮᠲᠤᠯᠢᠭ᠂ ᠲᠥᠷᠥᠯ ᠬᠤᠪᠢᠶᠠᠨ ᠤᠬᠠᠭᠤᠯᠵᠤ᠂ ᠡᠯ᠎ᠡ ᠭᠠᠵᠠᠷ ᠤᠨ ᠰᠠᠶᠢᠨ ᠠᠷᠭ᠎ᠠ ᠰᠠᠶᠢᠨ ᠲᠤᠷᠰᠢᠯᠭ᠎ᠠ ᠶᠢ ᠳᠡᠯᠭᠡᠷᠡᠭᠦᠯᠦᠨ᠂ ᠠᠵᠢᠯ ᠣᠯᠭᠤᠯᠲᠠ ᠶᠢᠨ ᠨᠡᠶᠢᠲᠡᠯᠢᠭ ᠥᠯᠢᠭᠡᠷ ᠢ ᠭᠦᠨᠵᠡᠭᠡᠢ ᠠᠭᠤᠳᠠᠯᠵᠤ᠂ ᠠᠵᠢᠯᠯᠠᠭ᠎ᠠ ᠶᠢᠨ ᠦᠷ᠎ᠡ ᠪᠦᠲᠦᠮᠵᠢ ᠶᠢ ᠲᠥᠪᠯᠡᠷᠡᠭᠦᠯᠦᠨ ᠢᠯᠡᠷᠡᠭᠦᠯᠵᠦ᠂ ︽ᠬᠠᠪᠤᠷ ᠤᠨ ᠰᠠᠯᠬᠢᠨ ᠤ ᠠᠵᠢᠯᠯᠠᠭ᠎ᠠ ᠳᠡᠷᠭᠡᠳᠡ ᠪᠠᠶᠢᠬᠤ︾ ᠬᠠᠯᠠᠭᠤᠨ ᠠᠭᠤᠷ ᠠᠮᠢᠰᠬᠤᠯ ᠢ ᠪᠣᠶ ᠪᠣᠯᠭᠠᠵᠤ᠂ ︽ᠬᠠᠪᠤᠷ ᠤᠨ ᠰᠠᠯᠬᠢᠨ ᠤ ᠠᠵᠢᠯᠯᠠᠭ᠎ᠠ︾ ᠶᠢᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠤᠯᠠᠮ ᠨᠢᠭᠡ ᠠᠯᠬᠤᠮ ᠬᠠᠩᠭᠢᠨᠠᠭᠤᠯᠤᠨ᠎ᠠ᠃ ︵ᠭᠤᠷᠪᠠ︶ ᠤᠷᠢᠨ ᠬᠡᠷᠡᠭᠯᠡᠬᠦ ᠠᠵᠢᠯᠯᠠᠭ᠎ᠠ ᠶᠢ ᠬᠤᠶᠢᠨ᠎ᠠ ᠬᠤᠶᠢᠨ᠎ᠠ ᠠᠴᠠ ᠪᠠᠨ ᠥᠷᠨᠢᠭᠦᠯᠦᠨ᠎ᠡ᠃ ︽ᠬᠠᠪᠤᠷ ᠤᠨ ᠰᠠᠯᠬᠢᠨ ᠤ ᠠᠵᠢᠯᠯᠠᠭ᠎ᠠ︾ ᠶᠢᠨ ᠲᠡᠮᠳᠡᠭ ᠢ ᠨᠢᠭᠡᠳᠦᠯᠲᠡᠢ ᠬᠡᠷᠡᠭᠯᠡᠵᠦ᠂ ᠡᠯ᠎ᠡ ᠲᠥᠷᠥᠯ ᠤᠨ ᠠᠵᠢᠯᠲᠠᠨ ᠡᠯᠰᠡᠬᠦ ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠵᠢᠴᠢ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ᠂ ᠠᠵᠢᠯ ᠣᠯᠭᠤᠬᠤ ᠥᠷᠲᠡᠭᠡ᠂ ᠡᠳᠦᠷ ᠤᠨ ᠬᠦᠴᠦᠨ ᠤ ᠵᠠᠬ᠎ᠠ ᠳᠡᠯᠭᠡᠭᠦᠷ ᠵᠡᠷᠭᠡ ᠲᠠᠯᠠᠪᠤᠷ ᠤᠨ ᠢᠯᠡᠷᠬᠡᠢ ᠪᠠᠶᠢᠷᠢᠨ ᠳᠤ ᠡᠯᠭᠦᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ ᠠᠵᠢᠯᠲᠠᠨ ᠡᠯᠰᠡᠬᠦ ᠠᠵᠢᠯᠯᠠᠭ᠎ᠠ ᠶᠢ ᠬᠤᠯᠪᠤᠭᠠᠯᠠᠨ ᠡᠷᠭᠢᠯᠡᠨ᠎ᠡ᠃      ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠄ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯᠯᠠᠭ᠎ᠠ ᠶᠢ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠠᠶᠢᠷ᠎ᠠ ᠬᠠᠯᠠᠮᠵᠢ ᠬᠦᠷᠭᠡᠬᠦ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠪᠣᠳᠠᠲᠠᠢ ᠪᠥᠭᠡᠳ ᠨᠠᠷᠢᠯᠢᠭ ᠰᠠᠶᠢᠲᠤᠷ ᠠᠳᠬᠤᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠠᠵᠢᠯᠯᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号