︽ᠥᠯᠵᠡᠶᠢᠲᠦ ᠡᠳᠦᠷ ᠤᠨ ᠪᠠᠶᠠᠷ ᠢ ᠪᠡᠯᠭᠡᠯᠡᠵᠦ᠂ ᠡᠮᠴᠢᠯᠡᠭᠡᠨ ᠤ ᠳᠠᠭᠠᠳᠬᠠᠯ ᠢ ᠮᠡᠳᠡᠶ᠎ᠡ︾︱ ᠦᠴᠦᠸᠠᠨ ᠰᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠲᠤᠪᠴᠢᠶ᠎ᠠ ᠦᠨᠳᠦᠰᠦᠨ ᠡᠮᠴᠢᠯᠡᠭᠡᠨ ᠤ ᠳᠠᠭᠠᠳᠬᠠᠯ ᠳᠤ ᠪᠦᠬᠦ ᠠᠷᠠᠳ ᠢᠶᠠᠷ ᠢᠶᠠᠨ ᠣᠷᠣᠯᠴᠠᠬᠤ ᠰᠢᠷᠢᠰ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/28
     ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠭᠡᠷ ᠤᠨ ︽ᠦᠨᠳᠦᠰᠦᠨ ᠡᠮᠴᠢᠯᠡᠭᠡᠨ ᠤ ᠳᠠᠭᠠᠳᠬᠠᠯ ᠳᠤ ᠪᠦᠬᠦ ᠠᠷᠠᠳ ᠢᠶᠠᠷ ᠢᠶᠠᠨ ᠣᠷᠣᠯᠴᠠᠬᠤ ᠲᠥᠯᠥᠪᠯᠡᠭᠡ ᠶᠢ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠷᠭᠡᠨ ᠣᠯᠠᠨ ᠲᠦᠮᠡᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠵᠦ᠂ ᠡᠮᠴᠢᠯᠡᠭᠡᠨ ᠤ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠮᠠᠨ ᠤ ᠰᠢᠶᠠᠨ ᠤ ᠪᠦᠬᠦ ᠠᠷᠠᠳ ᠤᠨ ᠳᠠᠭᠠᠳᠬᠠᠯ ᠳᠤ ᠣᠷᠣᠯᠴᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠠᠬᠢᠭᠤᠯᠬᠤ ᠶᠢᠨ ᠲᠥᠯᠥᠭᠡ᠂ ᠦᠴᠦᠸᠠᠨ ᠰᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠪᠦᠬᠦ ᠠᠷᠠᠳ ᠢᠶᠠᠷ ᠢᠶᠠᠨ ᠣᠷᠣᠯᠴᠠᠬᠤ ᠲᠥᠯᠥᠪᠯᠡᠭᠡ ᠶᠢ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠦᠨᠳᠦᠰᠦᠯᠡᠨ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠲᠠᠢ ᠬᠠᠮᠲᠤᠷᠠᠨ 2024 ᠣᠨ ᠤ 2 ᠰᠠᠷ᠎ᠠ ᠶᠢᠨ 24 ᠤ ᠡᠳᠦᠷ ︵ᠴᠠᠭᠠᠨ ᠰᠠᠷ᠎ᠠ ᠶᠢᠨ ᠠᠷᠪᠠᠨ ᠲᠠᠪᠤᠨ ᠤ ᠡᠳᠦᠷ︶ ᠦᠴᠦᠸᠠᠨ ᠰᠢᠶᠠᠨ ᠤ ᠴᠢᠮᠡᠭᠲᠦ ᠳ᠋ᠧᠩ ᠤᠨ ᠦᠵᠡᠭᠦᠯᠦᠯᠭᠡ ᠶᠢᠨ ᠭᠠᠵᠠᠷ ᠬᠥᠬᠡ ᠡᠷᠭᠢ ᠪᠠᠯᠭᠠᠰᠤᠨ ᠤ ᠭᠠᠯ ᠪᠠᠮᠪᠠᠷ ᠤᠨ ᠲᠠᠯᠠᠪᠠᠶ ᠳᠤ ︽ᠥᠯᠵᠡᠶᠢᠲᠦ ᠡᠳᠦᠷ ᠢ ᠪᠡᠯᠭᠡᠯᠡᠵᠦ᠂ ᠡᠮᠴᠢᠯᠡᠭᠡᠨ ᠤ ᠳᠠᠭᠠᠳᠬᠠᠯ ᠢ ᠮᠡᠳᠡᠶ᠎ᠡ︾ ᠭᠡᠬᠦ ᠰᠢᠷᠢᠰ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
     ᠦᠴᠦᠸᠠᠨ ᠰᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠲᠤᠪᠴᠢᠶ᠎ᠠ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠢ ᠲᠦᠯᠬᠢᠨ ᠠᠬᠢᠭᠤᠯᠵᠤ᠂ ᠨᠠᠩ ᠥᠨᠳᠥᠷ ᠪᠠᠷᠢᠮᠵᠢᠶ᠎ᠠ᠂ ᠨᠠᠩ ᠶᠡᠭᠡ ᠡᠷᠴᠢᠮ᠂ ᠨᠠᠩ ᠪᠣᠳᠠᠲᠠᠢ ᠠᠷᠭ᠎ᠠ ᠬᠡᠮᠵᠢᠶ᠎ᠡ ᠪᠠᠷ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠠᠵᠢᠯ ᠤᠨ ᠤᠬᠠᠭᠤᠯᠭ᠎ᠠ ᠶᠢ ᠰᠠᠶᠢᠲᠤᠷ ᠬᠢᠵᠦ᠂ ᠣᠯᠠᠨ ᠲᠦᠮᠡᠨ ᠤ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠪᠠ ᠮᠡᠳᠡᠷᠡᠬᠦ ᠬᠡᠮᠵᠢᠶ᠎ᠡ ᠶᠢ ᠨᠡᠮᠡᠭᠳᠡᠭᠦᠯᠦᠨ᠂ ᠣᠯᠠᠨ ᠲᠦᠮᠡᠨ ᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠢᠳᠡᠪᠬᠢᠵᠢᠯ ᠢ ᠳᠠᠶᠢᠴᠢᠯᠠᠵᠤ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠶᠠᠰᠤ ᠴᠢᠨᠠᠷ ᠢ ᠳᠡᠭᠡᠭᠰᠢᠯᠡᠭᠦᠯᠦᠨ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠷᠬᠡ ᠠᠰᠢᠭ ᠢ ᠪᠠᠲᠤᠯᠠᠨ᠎ᠠ᠃ ︽ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠦᠢᠯᠡᠴᠢᠯᠡᠬᠦ᠂ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠬᠦ᠂ ᠬᠠᠮᠲᠤ ᠪᠠᠷ ᠪᠠᠶᠠᠵᠢᠬᠤ ᠶᠢ ᠠᠬᠢᠭᠤᠯᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠤ ᠮᠡᠳᠡᠪᠡᠰᠦ ᠵᠣᠬᠢᠬᠤ ᠡᠮᠴᠢᠯᠡᠭᠡᠨ ᠤ ᠪᠠᠲᠤᠯᠠᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠥᠷᠥ ᠶᠢᠨ ᠪᠣᠳᠣᠯᠭ᠎ᠠ᠂ ᠣᠯᠭᠤᠮᠵᠢ ᠬᠦᠷᠲᠡᠭᠡᠯ᠂ ᠭᠠᠷᠲᠠᠨ ᠭᠦᠢᠴᠡᠳᠬᠡᠬᠦ ᠦᠢᠯᠡᠴᠢᠯᠡᠭᠡ ᠵᠡᠷᠭᠡ ᠲᠠᠯ᠎ᠠ ᠶᠢᠨ ᠠᠭᠤᠯᠭ᠎ᠠ ᠲᠠᠢ ᠨᠢᠭᠲᠠ ᠤᠶᠠᠯᠳᠤᠭᠤᠯᠤᠨ᠂ ᠥᠷᠭᠡᠨ ᠳᠡᠯᠭᠡᠷ ᠤᠬᠠᠭᠤᠯᠭ᠎ᠠ ᠶᠢ ᠥᠷᠨᠢᠭᠦᠯᠵᠦ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠲᠦᠭ ᠲᠦᠮᠡᠨ ᠠᠶᠢᠯ ᠡᠷᠦᠬᠡ ᠳᠤ ᠬᠦᠷᠭᠡᠵᠦ᠂ ᠨᠠᠩ ᠣᠯᠠᠨ ᠣᠯᠠᠨ ᠲᠦᠮᠡᠨ ᠳᠤ ᠡᠮᠴᠢᠯᠡᠭᠡᠨ ᠤ ᠳᠠᠭᠠᠳᠬᠠᠯ ᠢ ᠣᠶᠢᠯᠠᠭᠠᠭᠤᠯᠵᠤ᠂ ᠡᠮᠴᠢᠯᠡᠭᠡᠨ ᠤ ᠳᠠᠭᠠᠳᠬᠠᠯ ᠢ ᠮᠡᠳᠡᠷᠡᠭᠦᠯᠵᠦ᠂ ᠰᠠᠨᠠᠭᠠᠴᠢᠯᠠᠭ᠎ᠠ ᠠᠴᠠ ᠪᠠᠨ ᠳᠠᠭᠠᠳᠬᠠᠯ ᠳᠤ ᠣᠷᠣᠯᠴᠠᠭᠤᠯᠤᠨ᠎ᠠ᠃
     ᠲᠣᠰ ᠤᠳᠠᠭᠠᠨ ᠤ ᠤᠬᠠᠭᠤᠯᠭ᠎ᠠ ᠳᠤ ︽ᠪᠥᠬᠦ ᠠᠷᠠᠳ ᠡᠮᠴᠢᠯᠡᠭᠡᠨ ᠤ ᠳᠠᠭᠠᠳᠬᠠᠯ ᠢᠶᠠᠷ ᠭᠠᠷ ᠭᠠᠷ ᠢᠶᠠᠨ ᠬᠤᠯᠪᠣᠯᠴᠠᠨ᠂ ᠡᠮᠴᠢᠯᠡᠭᠡᠨ ᠤ ᠳᠠᠭᠠᠳᠬᠠᠯ ᠵᠠᠷ ᠰᠡᠳᠬᠢᠯ ᠵᠢᠷᠦᠬᠡ ᠪᠠᠨ ᠬᠤᠯᠪᠣᠨ᠎ᠠ︾ ᠭᠡᠳᠡᠭ ᠢᠶᠠᠷ ᠭᠤᠣᠯ ᠰᠡᠳᠦᠪ ᠪᠣᠯᠭᠠᠵᠤ᠂ ᠥᠯᠵᠡᠶᠢᠲᠦ ᠡᠳᠦᠷ ᠤᠨ ᠪᠠᠶᠠᠷ ᠤᠨ ᠡᠳᠦᠷ ᠲᠤ ᠥᠩᠭᠡᠲᠦ ᠳ᠋ᠧᠩ ᠠᠰᠠᠭᠠᠵᠤ ᠬᠥᠮᠥᠰ ᠴᠤᠭᠯᠠᠷᠠᠬᠤ ᠶᠢ ᠠᠰᠢᠭᠯᠠᠨ᠂ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢᠶᠠᠷ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢ ᠭᠦᠨᠵᠡᠭᠡᠢ ᠤᠬᠠᠭᠤᠯᠪᠠ᠂ ᠡᠭᠦᠨ ᠤ ᠭᠤᠣᠯᠳᠠᠯᠭ᠎ᠠ ᠪᠣᠯᠬᠤ ᠨᠢ ᠬᠤᠲᠠ ᠬᠥᠳᠡᠭᠡ ᠶᠢᠨ ᠰᠠᠭᠤᠭᠠᠯᠢ ᠠᠷᠠᠳ᠂ ᠠᠵᠢᠯᠲᠠᠨ ᠠᠵᠢᠯᠴᠢᠨ᠂ ᠬᠦᠴᠢᠷᠳᠡᠯ ᠲᠠᠢ ᠬᠥᠮᠥᠰ᠂ ᠣᠶᠤᠲᠠᠨ᠂ ᠨᠢᠷᠠᠢ ᠬᠡᠦᠬᠡᠳ᠂ ᠠᠮᠢᠳᠤᠯᠢᠭ ᠢᠶᠠᠷ ᠠᠵᠢᠯ ᠣᠯᠣᠭᠰᠠᠳ ᠵᠡᠷᠭᠡ ᠬᠥᠮᠥᠰ ᠪᠣᠯᠣᠨ᠎ᠠ᠃ ᠤᠬᠠᠭᠤᠯᠬᠤ ᠮᠠᠲ᠋ᠧᠷᠢᠶᠠᠯ ᠢ ᠨᠡᠶᠢᠲᠡ 5000 ᠭᠠᠷᠤᠢ ᠳᠡᠪᠲᠡᠷ ᠲᠠᠷᠬᠠᠭᠠᠵᠤ᠂ ᠤᠬᠠᠭᠤᠯᠬᠤ ᠮᠠᠲ᠋ᠧᠷᠢᠶᠠᠯ ᠤᠨ ᠪᠣᠭᠤᠳᠠᠯ ᠢ 2000 ᠬᠤᠪᠢ ᠲᠠᠷᠬᠠᠭᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号