︽ᠮᠠᠨ ᠤ ᠳᠤᠮᠳᠠᠳᠤ ᠶᠢᠨ ᠵᠡᠭᠦᠳᠦ ︱ ᠤᠮᠠᠷᠠᠲᠤ ᠬᠢᠯᠢ ᠶᠢᠨ ᠰᠣᠶᠣᠯ ᠲᠦᠮᠡᠨ ᠡᠷᠦᠬᠡ ᠶᠢ ᠤᠮᠳᠠᠯᠠᠨ᠎ᠠ︾︱ ᠦᠴᠦᠸᠠᠨ ᠰᠢᠶᠠᠨ 2024 ᠣᠨ ᠤ ᠮᠠᠨ ᠤ ᠪᠠᠶᠠᠷ ᠤᠨ ᠡᠳᠦᠷ · ᠥᠯᠵᠡᠶᠢᠲᠦ ᠡᠳᠦᠷ ᠤᠨ ᠪᠠᠶᠠᠷ ᠤᠨ ᠤᠯᠠᠮᠵᠢᠯᠠᠯᠲᠤ ᠣᠨᠢᠰᠤᠭ᠎ᠠ ᠶᠢᠨ ᠴᠤᠭᠯᠠᠭᠠᠨ ᠢ ᠡᠷᠬᠢᠯᠡᠪᠡ
ᠨᠡᠶᠢᠲᠡᠯᠡᠭᠰᠡᠨ ᠴᠠᠭ᠄
2024/2/28
     ︽ᠣᠨᠢᠰᠤᠭ᠎ᠠ ᠳᠠᠭᠠᠬᠤ︾ ᠪᠣᠯ ᠮᠠᠨ ᠤ ᠤᠯᠤᠰ ᠤᠨ ᠥᠯᠵᠡᠶᠢᠲᠦ ᠡᠳᠦᠷ ᠤᠨ ᠪᠠᠶᠠᠷ ᠤᠨ ᠤᠯᠠᠮᠵᠢᠯᠠᠯᠲᠤ ᠰᠣᠶᠣᠯ ᠤᠨ ᠠᠵᠢᠯᠯᠠᠭ᠎ᠠ ᠮᠥᠨ᠂ ᠥᠨᠢ ᠤᠳᠠᠭᠠᠨ ᠲᠡᠦᠬᠡ ᠲᠠᠢ᠂ ᠡᠯᠪᠡᠭ ᠪᠠᠶᠠᠯᠢᠭ ᠠᠭᠤᠯᠭ᠎ᠠ ᠲᠠᠢ᠂ ᠤᠷᠮ᠎ᠠ ᠪᠠᠬ᠎ᠠ ᠪᠠᠷ ᠳᠦᠭᠦᠷᠡᠩ᠃ ᠥᠷᠭᠡᠨ ᠣᠯᠠᠨ ᠲᠦᠮᠡᠨ ᠤ ᠣᠶᠤᠨ ᠤ ᠪᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠵᠠᠯᠭᠠᠮᠵᠢᠯᠠᠵᠤ᠂ ᠡᠶ᠎ᠡ ᠵᠣᠬᠢᠴᠠᠩᠭᠤᠢ ᠪᠠᠶᠠᠷ ᠬᠦᠷ ᠲᠠᠢ ᠴᠠᠭᠠᠨ ᠰᠠᠷ᠎ᠠ ᠶᠢᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ 2024 ᠣᠨ ᠤ ᠴᠠᠭᠠᠨ ᠰᠠᠷ᠎ᠠ ᠶᠢᠨ ᠠᠷᠪᠠᠨ ᠳᠦᠷᠪᠡᠨ᠂ ᠠᠷᠪᠠᠨ ᠲᠠᠪᠤᠨ ᠤ ᠥᠯᠵᠡᠶᠢᠲᠦ ᠡᠳᠦᠷ ᠤᠨ ᠪᠠᠶᠠᠷ ᠤᠨ ᠬᠤᠭᠤᠴᠠᠭᠠᠨ ᠳᠤ᠂ ᠦᠴᠦᠸᠠᠨ ᠰᠢᠶᠠᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠢᠶᠠᠨ ᠤ ᠨᠣᠮ ᠤᠨ ᠰᠠᠩ ᠠᠴᠠ ᠭᠤᠣᠯᠯᠠᠨ ᠡᠷᠬᠢᠯᠡᠭᠰᠡᠡ ︽ᠮᠠᠨ ᠤ ᠳᠤᠮᠳᠠᠳᠤ ᠶᠢᠨ ᠵᠡᠭᠦᠳᠦ ︱ ᠤᠮᠠᠷᠠᠲᠤ ᠬᠢᠯᠢ ᠶᠢᠨ ᠰᠣᠶᠣᠯ ᠲᠦᠮᠡᠨ ᠡᠷᠦᠬᠡ ᠶᠢ ᠤᠮᠳᠠᠯᠠᠨ᠎ᠠ︾ ᠭᠡᠬᠦ ᠥᠯᠵᠡᠶᠢᠲᠦ ᠡᠳᠦᠷ ᠤᠨ ᠤᠯᠠᠮᠵᠢᠯᠠᠯᠲᠤ ᠣᠨᠢᠰᠤᠭ᠎ᠠ ᠶᠢᠨ ᠴᠤᠭᠯᠠᠭᠠᠨ ᠦᠴᠦᠸᠠᠨ ᠰᠢᠶᠠᠨ ᠤ ᠬᠥᠬᠡ ᠡᠷᠭᠢ ᠴᠡᠴᠡᠷᠯᠢᠭ ᠲᠤ ᠡᠬᠢᠯᠡᠪᠡ᠃
     ᠠᠵᠢᠯᠯᠠᠭ᠎ᠠ ᠶᠢᠨ ᠠᠬᠤᠢ ᠲᠠᠯᠠᠪᠠᠶ ᠳᠤ ᠭᠤᠶᠢᠳᠠ ᠰᠠᠶᠢᠬᠠᠨ ᠨᠣᠮ ᠤᠩᠰᠢᠵᠤ ᠣᠨᠢᠰᠤᠭ᠎ᠠ ᠲᠠᠭᠠᠬᠤ᠂ ᠰᠢᠨ᠎ᠡ ᠨᠣᠮ ᠤᠨ ᠦᠵᠡᠭᠦᠯᠦᠯᠭᠡ ᠨᠢ ᠥᠷᠭᠡᠨ ᠣᠯᠠᠨ ᠲᠦᠮᠡᠨ ᠤ ᠢᠳᠡᠪᠬᠢᠲᠡᠢ ᠣᠷᠤᠯᠴᠠᠯᠭ᠎ᠠ ᠶᠢ ᠲᠠᠲᠠᠪᠠ ᠁      ᠲᠣᠰ ᠤᠳᠠᠭᠠᠨ ᠤ ᠣᠨᠢᠰᠤᠭ᠎ᠠ ᠳᠠᠭᠠᠬᠤ ᠠᠵᠢᠯᠯᠠᠭ᠎ᠠ ᠳᠤ ᠨᠣᠮ ᠤᠨ ᠰᠠᠩ ᠤᠨ ᠠᠵᠢᠯᠲᠠᠳ 1500 ᠭᠠᠷᠤᠢ ᠮᠡᠳᠡᠯᠭᠡ ᠶᠢᠨ ᠴᠢᠨᠠᠷ᠂ ᠰᠣᠨᠢᠷᠬᠠᠯᠲᠤ ᠴᠢᠨᠠᠷ ᠢ ᠨᠢᠭᠡᠳᠬᠡᠭᠰᠡᠨ ᠣᠨᠢᠰᠤᠭ᠎ᠠ ᠶᠢ ᠨᠠᠷᠢᠨ ᠨᠢᠮᠪᠠᠢ ᠰᠣᠩᠭᠤᠨ ᠭᠠᠷᠭᠠᠵᠠᠢ᠂ ᠡᠭᠦᠨ ᠳᠤ ᠠᠮᠢᠳᠤᠷᠠᠯ ᠤᠨ ᠶᠡᠷᠦ ᠶᠢᠨ ᠮᠡᠳᠡᠯᠭᠡ᠂ ᠤᠢ ᠶᠢᠨ ᠲᠣᠭᠯᠠᠭᠠᠮ᠂ ᠡᠷᠲᠡᠨ ᠡᠳᠦᠭᠡ ᠶᠢᠨ ᠭᠠᠵᠠᠷ ᠤᠨ ᠨᠡᠷ᠎ᠡ᠂ ᠬᠡᠪᠰᠢᠮᠡᠯ ᠬᠡᠯᠡᠯᠭᠡ ᠶᠢᠨ ᠥᠯᠢᠭᠡᠷ᠂ ᠪᠠᠶᠢᠭᠠᠯᠢ ᠶᠢᠨ ᠦᠵᠡᠭᠳᠡᠯ ᠵᠡᠷᠭᠡ ᠬᠤᠯᠪᠣᠭᠳᠠᠯ ᠪᠦᠬᠦᠢ ᠮᠡᠳᠡᠯᠭᠡ ᠶᠢ ᠬᠠᠮᠤᠷᠴᠠᠢ᠃
     ᠠᠵᠢᠯᠯᠠᠭ᠎ᠠ ᠳᠤ ᠣᠷᠣᠯᠴᠠᠬᠤ ᠪᠠᠷ ᠢᠷᠡᠭᠰᠡᠨ ᠤᠯᠠᠨ ᠲᠦᠮᠡᠨ ᠪᠠᠶᠠᠷ ᠬᠦᠷ ᠢᠶᠠᠷ ᠪᠢᠯᠬᠠᠵᠤ᠂ ᠲᠠᠪᠤ ᠭᠤᠷᠪᠠ ᠪᠠᠷ ᠬᠠᠨᠢᠯᠠᠵᠤ᠂ ᠨᠠᠶᠠ ᠰᠢᠬᠠᠭᠰᠠᠨ ᠨᠠᠰᠤᠲᠠᠨ᠂ ᠪᠠᠭ᠎ᠠ ᠨᠠᠰᠤᠨ ᠤ ᠬᠡᠦᠬᠡᠳ᠂ ᠭᠠᠳᠠᠨ᠎ᠠ ᠰᠤᠷᠤᠯᠴᠠᠵᠤ ᠪᠠᠶᠢᠭ᠎ᠠ ᠰᠤᠷᠤᠭᠴᠢᠳ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ᠂ ᠠᠵᠢᠯᠴᠢᠨ᠂ ᠲᠠᠷᠢᠶᠠᠴᠢᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠠ ᠪᠠᠶᠢᠭᠤᠯᠭ᠎ᠠ ᠶᠢᠨ ᠺᠠᠳ᠋ᠷᠴᠤᠳ ᠪᠠᠶᠠᠷ ᠬᠦᠷ ᠲᠠᠢ ᠪᠠᠷ ᠠᠵᠢᠯᠯᠠᠭ᠎ᠠ ᠳᠤ ᠣᠷᠣᠯᠴᠠᠨ᠎ᠠ᠃ ᠣᠯᠠᠨ ᠢᠶᠠᠷ ᠢᠶᠠᠨ ᠪᠦᠷ ᠪᠣᠯᠵᠣᠭᠰᠠᠨ ᠦᠭᠡᠢ ᠪᠠᠷ ᠴᠤᠭᠯᠠᠭᠠᠨ ᠳᠤ ᠢᠷᠡᠵᠦ᠂ ᠵᠠᠷᠢᠮ ᠨᠢ ᠣᠨᠢᠰᠤᠭ᠎ᠠ ᠶᠢᠨ ᠪᠤᠯᠤᠩ ᠤᠨ ᠡᠮᠦᠨ᠎ᠡ ᠲᠠᠷᠢᠬᠢ ᠪᠠᠨ ᠰᠢᠪᠬᠠᠨ ᠪᠣᠳᠣᠯᠬᠢᠯᠠᠵᠤ᠂ ᠵᠠᠷᠢᠮ ᠨᠢ ᠥᠪᠡᠷ ᠤᠨ ᠲᠠᠭᠠᠮᠠᠭᠯᠠᠭᠰᠠᠨ ᠣᠨᠢᠰᠤᠭ᠎ᠠ ᠪᠠᠨ ᠮᠡᠳᠡᠭᠦᠯᠬᠦ ᠪᠠᠷ ᠮᠡᠷᠡᠶᠢᠨ ᠴᠢᠷᠮᠠᠶᠢᠵᠤ᠂ ᠵᠠᠷᠢᠮ ᠨᠢ ᠡᠰᠡᠬᠦᠯ᠎ᠡ ᠨᠡᠭᠦᠳᠡᠯ ᠨᠣᠮ ᠤᠨ ᠲᠡᠷᠭᠡᠨ ᠤ ᠡᠮᠦᠨ᠎ᠡ ᠲᠣᠭᠤᠷᠢᠨ ᠰᠠᠭᠤᠭᠠᠳ ᠥᠪᠡᠷ ᠤᠨ ᠳᠤᠷᠠᠲᠠᠢ ᠨᠣᠮ ᠢᠶᠠᠨ ᠤᠷᠪᠠᠭᠤᠯᠤᠨ ᠦᠵᠡᠵᠦ᠂ ᠣᠯᠠᠨ ᠢᠶᠠᠷ ᠢᠶᠠᠨ ᠬᠠᠬᠢᠷ ᠬᠦᠢᠲᠡᠨ ᠠᠴᠠ ᠠᠶᠤᠬᠤ ᠦᠭᠡᠢ ᠪᠠᠷ ᠪᠦᠷ ᠪᠠᠶᠠᠷ ᠪᠠᠶᠠᠰᠬᠤᠯᠠᠩ ᠲᠠᠢ᠂ ᠡᠶᠡᠯᠳᠡᠭ ᠵᠥᠭᠡᠯᠡᠨ ᠠᠭᠤᠷ ᠠᠮᠢᠰᠬᠤᠯ ᠳᠤ ᠰᠣᠭᠲᠣᠭᠤᠷᠠᠨ᠎ᠠ᠃      ᠬᠤᠶᠠᠷ ᠡᠳᠦᠷ ᠤᠨ ᠲᠤᠷᠰᠢ᠂ ᠠᠵᠢᠯᠯᠠᠭ᠎ᠠ ᠳᠤ ᠣᠷᠣᠯᠴᠠᠬᠤ ᠪᠠᠷ ᠢᠷᠡᠭᠰᠡᠨ ᠣᠨᠢᠰᠤᠭ᠎ᠠ ᠲᠠᠭᠠᠬᠤ ᠳᠤ ᠪᠠᠭ᠋ᠠᠲᠠᠢ ᠬᠥᠮᠥᠰ 3000 ᠭᠠᠷᠤᠢ ᠬᠥᠮᠥᠨ ᠤᠳᠠᠭ᠎ᠠ ᠳᠤ ᠬᠦᠷᠴᠡᠢ᠃      ᠣᠨᠢᠰᠤᠭ᠎ᠠ ᠶᠢᠨ ᠴᠤᠭᠯᠠᠭᠠᠨ ᠨᠢ ᠪᠦᠬᠦ ᠰᠢᠶᠠᠨ ᠤ ᠥᠷᠭᠡᠨ ᠤᠯᠠᠨ ᠲᠦᠮᠡᠨ ᠤ ᠲᠠᠭᠠᠰᠢᠶᠠᠯ ᠢ ᠣᠯᠪᠠ᠂ ᠤᠳᠤ ᠪᠣᠯᠲᠠᠯ᠎ᠠ ᠨᠣᠮ ᠤᠨ ᠰᠠᠩ ᠨᠢᠭᠡᠨᠲᠡ ᠬᠤᠷᠢᠨ ᠵᠢᠷᠭᠤᠭᠠᠨ ᠬᠤᠭᠤᠴᠠᠭᠠᠨ ᠤ ᠨᠣᠮ ᠤᠩᠰᠢᠵᠤ ᠣᠨᠢᠰᠤᠭ᠎ᠠ ᠲᠠᠭᠠᠬᠤ ᠠᠵᠢᠯᠯᠠᠭ᠎ᠠ ᠶᠢ ᠠᠮᠵᠢᠯᠲᠠ ᠲᠠᠢ ᠪᠠᠷ ᠡᠷᠬᠢᠯᠡᠪᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号