ᠳᠤᠮᠳᠠᠳᠤ ᠶᠢᠨ ᠦᠵᠡᠰᠬᠦᠯᠡᠩᠲᠦ ᠰᠠᠶᠢᠬᠠᠨ ᠣᠨ ︱ ︽ᠵᠢᠦ ᠴᠢᠦᠢ ᠬᠠᠳᠤᠨ ᠭᠤᠣᠯ ᠤᠨ ᠵᠢᠭᠰᠠᠭᠠᠯ︾ ᠢᠶᠠᠷ ᠵᠤᠭᠠᠴᠠᠨ᠎ᠠ
ᠨᠡᠶᠢᠲᠡᠯᠡᠭᠰᠡᠨ ᠴᠠᠭ᠄
2024/2/28
     ᠰᠢᠨ᠎ᠡ ᠬᠠᠪᠤᠷ ᠤᠨ ᠡᠬᠢᠨ ᠳᠤ᠂ ᠳ᠋ᠢᠩ ᠰᠢᠶᠠᠩ ᠶᠢᠩ ᠲᠣᠰᠬᠤᠨ ᠤ ᠠᠭᠤᠳᠠᠮ ᠲᠠᠯᠠᠪᠠᠢ ᠶᠢᠨ ︽ᠵᠢᠦ ᠴᠢᠦᠢ ᠬᠠᠳᠤᠨ ᠭᠤᠣᠯ ᠤᠨ ᠵᠢᠭᠰᠠᠭᠠᠯ︾ ᠥᠷᠭᠡᠨ ᠤᠯᠠᠨ ᠲᠦᠮᠡᠨ ᠤ ᠠᠩᠬᠠᠷᠤᠯ ᠢ ᠲᠠᠲᠠᠵᠤ᠂ ᠤᠯᠠᠨ ᠢᠶᠠᠷ ᠢᠶᠠᠨ ᠴᠢᠮᠡᠭᠲᠦ ᠳ᠋ᠧᠩ ᠰᠣᠨᠢᠷᠬᠠᠵᠤ᠂ ᠳ᠋ᠧᠩ ᠤᠨ ᠵᠢᠭᠰᠠᠭᠠᠯ ᠢᠶᠠᠷ ᠵᠤᠭᠠᠴᠠᠵᠤ᠂ ᠠᠭᠤᠵᠢᠷᠠᠲᠠᠯ᠎ᠠ ᠨᠠᠭᠠᠳᠬᠤ ᠳᠤᠮᠳᠠ ᠪᠠᠨ ᠤᠯᠠᠮᠵᠢᠯᠠᠯᠲᠤ ᠵᠠᠩ ᠦᠢᠯᠡ ᠶᠢᠨ ᠰᠣᠶᠣᠯ ᠤᠨ ᠷᠢᠳᠢ ᠰᠢᠳᠢ ᠶᠢ ᠮᠡᠳᠡᠷᠡᠵᠦ᠂ ᠰᠢᠨ᠎ᠡ ᠨᠢᠭᠡ ᠵᠢᠯ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠠᠨ ᠳᠠᠭᠠᠳᠬᠠᠨ᠎ᠠ᠃
     ᠵᠢᠦ ᠴᠢᠦᠢ ᠶᠢ ᠪᠠᠰᠠ ᠵᠤᠭᠠᠴᠠᠬᠤ ᠳ᠋ᠧᠩ ᠭᠡᠳᠡᠭ᠃ ᠡᠨᠡ ᠨᠢ ᠶᠠᠭ ᠯᠠ ᠬᠠᠳᠦᠠ ᠭᠤᠣᠯ ᠤᠨ ᠮᠤᠷᠤᠢ ᠰᠠᠷᠤᠢ ᠲᠠᠢ ᠠᠳᠠᠯᠢ ᠤᠴᠢᠷ ᠠᠴᠠ ᠤᠮᠠᠷᠠᠲᠤ ᠣᠷᠣᠨ ᠤ ᠰᠢᠨ᠎ᠡ ᠵᠢᠯ ᠳᠤ ᠳᠤᠲᠠᠭᠳᠠᠵᠤ ᠪᠣᠯᠣᠰᠢ ᠤᠶᠢᠭᠡᠢ ᠨᠢᠭᠡ ᠵᠦᠢᠯ ᠤᠨ ᠤᠯᠠᠮᠵᠢᠯᠠᠯᠲᠤ ᠵᠠᠩ ᠦᠢᠯᠡ ᠶᠢᠨ ᠠᠵᠢᠯᠯᠠᠭ᠎ᠠ ᠪᠣᠯᠣᠨ᠎ᠠ᠃ ᠪᠦᠬᠦ ᠭᠡᠷ ᠢᠶᠠᠷ ᠢᠶᠠᠨ ︽ᠵᠢᠦ ᠴᠢᠦᠢ︾ ᠵᠤᠭᠠᠴᠠᠵᠤ᠂ ᠰᠢᠨ᠎ᠡ ᠵᠢᠯ ᠳᠡᠭᠡᠨ ᠤᠷᠤᠭᠰᠢᠲᠠᠢ᠂ ᠲᠠᠪᠤᠨ ᠲᠠᠷᠢᠶ᠎ᠠ ᠡᠯᠪᠡᠭ ᠬᠤᠷᠢᠶᠠᠯᠲᠠ ᠲᠠᠢ᠂ ᠠᠮᠤᠷ ᠠᠮᠤᠭᠤᠯᠠᠩ ᠡᠷᠡᠭᠦᠯ ᠮᠡᠨᠳᠦ ᠪᠠᠶᠢᠬᠤ ᠶᠢ ᠬᠦᠰᠡᠨ ᠳᠠᠭᠠᠳᠬᠠᠳᠠᠭ᠂  ᠡᠨᠡ ᠨᠢ ᠴᠠᠭᠠᠨ ᠰᠠᠷ᠎ᠠ ᠶᠢ ᠪᠡᠯᠭᠡᠯᠡᠬᠦ ᠴᠢᠬᠤᠯᠠ ᠶᠣᠰᠣᠯᠠᠯ ᠶᠤᠮ᠃
     ᠨᠢᠳᠦ ᠢᠷᠮᠡᠬᠦ ᠶᠢᠨ ᠵᠠᠭᠤᠷ᠎ᠠ᠂ ᠤᠯᠠᠭᠠᠨ ᠳ᠋ᠧᠩᠯᠦ ᠬᠡᠯᠬᠢᠯᠳᠦᠵᠦ᠂ ᠰᠦᠷ ᠵᠢᠪᠬᠤᠭ᠎ᠠ ᠲᠠᠢ ︽ᠵᠢᠦ ᠴᠢᠦᠢ ᠵᠢᠭᠰᠠᠭᠠᠯ︾ ᠮᠤᠷᠤᠢ ᠰᠠᠷᠤᠢ ᠪᠠᠶᠢᠵᠤ᠂ ᠲᠥᠷᠥᠯ ᠰᠠᠳᠤᠨ ᠨᠠᠶᠢᠵᠠ ᠨᠥᠬᠦᠳ ᠲᠠᠪᠤ ᠭᠤᠷᠪᠠ ᠪᠠᠷ ᠰᠦᠷᠦᠭᠯᠡᠨ᠂ ᠨᠠᠰᠤᠲᠠᠨ ᠢᠶᠠᠨ ᠲᠦᠰᠢᠨ ᠨᠢᠯᠬᠠᠰ ᠢᠶᠠᠨ ᠳᠠᠭᠠᠭᠤᠯᠵᠤ᠂ ᠣᠷᠳᠣ ᠮᠥᠷᠯᠡᠨ᠂ ᠵᠢᠭᠰᠠᠭᠠᠯ ᠤᠨ ᠡᠭᠦᠳᠡᠨ ᠳᠤ ᠣᠷᠣᠵᠤ᠂ ᠳ᠋ᠧᠩ ᠤᠨ ᠲᠡᠯᠡᠶ ᠳᠤ ᠲᠣᠭᠯᠠᠵᠤ᠂ ᠬᠡᠷᠡᠯ ᠵᠢᠷᠤᠭ ᠲᠠᠲᠠᠵᠤ᠂ ᠲᠥᠪ ᠤᠨ ︽ᠬᠥᠭᠰᠢᠨ ᠰᠢᠳᠠᠮ︾ ᠤᠨ ᠲᠡᠨᠳᠡ ᠴᠢᠩ ᠰᠡᠳᠬᠢᠯ ᠠᠴᠠ ᠪᠠᠨ ᠳᠠᠭᠠᠳᠬᠠᠨ᠎ᠠ᠃ ᠴᠠᠭᠠᠨ ᠴᠠᠰᠤᠨ ᠳᠤ ᠪᠠᠶᠠᠷ ᠬᠦᠷ ᠢᠶᠠᠷ ᠪᠢᠯᠬᠠᠵᠤ᠂ ᠤᠯᠠᠭᠠᠨ ᠳ᠋ᠧᠩ ᠰᠢᠨ᠎ᠡ ᠵᠢᠯ  ᠢ ᠭᠡᠷᠡᠯᠲᠦᠭᠦᠯᠦᠨ᠎ᠡ᠂ ᠡᠨᠡᠬᠦ ᠰᠠᠶᠢᠬᠠᠨ ᠦᠵᠡᠮᠵᠢ ᠨᠢ ᠰᠢᠶᠠᠨ ᠤ ᠬᠤᠲᠠ ᠳᠤ ᠴᠠᠭᠠᠨ ᠰᠠᠷ᠎ᠠ ᠶᠢᠨ ᠠᠭᠤᠷ ᠠᠮᠢᠰᠬᠤᠯ ᠪᠠ ᠠᠮᠢᠳᠤᠷᠠᠯ ᠤᠨ ᠠᠭᠤᠷ ᠠᠮᠢᠰᠬᠤᠯ ᠢ ᠨᠡᠮᠡᠷᠢᠯᠡᠭᠰᠡᠨ ᠢᠶᠠᠷ ᠪᠠᠷᠠᠬᠤ ᠦᠭᠡᠢ᠂ ᠪᠠᠰᠠ ᠬᠠᠯᠠᠭᠤᠨ ᠳᠤᠯᠠᠭᠠᠨ ᠪᠠ ᠬᠦᠰᠡᠯ ᠡᠷᠡᠮᠡᠯᠵᠡᠯ ᠢᠶᠠᠷ ᠪᠢᠯᠬᠠᠨ᠎ᠠ᠃ ︵ᠰᠤᠷᠪᠤᠯᠵᠢᠯᠠᠭᠴᠢ᠄   ᠶᠢᠨ ᠫᠢᠩ  ᠯᠢ ᠯᠢ ᠴᠢᠶᠦ᠋ᠨ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号