2 ᠰᠠᠷ᠎ᠠ ᠶᠢᠨ 27 ᠤ ᠦᠳᠡ ᠶᠢᠨ ᠬᠤᠶᠢᠨ᠎ᠠ᠂ ᠰᠤᠷᠪᠤᠯᠵᠢᠯᠠᠬᠴᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠰᠣᠨᠢᠨ | ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ | ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠡᠭᠡᠷ᠎ᠡ ᠨᠡᠶᠢᠳᠡ 30 ᠲᠥᠯᠥᠭᠡᠯᠡᠭᠴᠢᠳ ᠤᠨ ᠪᠦᠯᠭᠦᠮ | ᠱᠠᠩᠨᠠᠯ ᠤᠨ ᠮᠧᠳᠠᠯ ᠣᠯᠵᠤ᠂ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ 18 ᠠᠯᠳᠠᠨ ᠮᠧᠳᠠᠯ᠂ 17 | ᠮᠥᠩᠭᠦᠨ ᠮᠧᠳᠠᠯ᠂ 24 ᠬᠦᠷᠡᠯ ᠮᠧᠳᠠᠯ ᠤᠨ ᠬᠢᠷᠢ ᠪᠦᠳᠦᠮᠵᠢ ᠪᠠᠷ ᠲᠡᠦᠬᠡ ᠶᠢᠨ ᠬᠠᠮᠤᠭ ᠤᠨ ᠰᠠᠶᠢᠨ ᠲᠡᠮᠳᠡᠭᠯᠡᠯ ᠢ | ᠡᠭᠦᠳᠴᠡᠢ᠃ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ᠂ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ | ᠺᠣᠮᠢᠰ ᠤᠨ ᠳᠡᠳ᠋ ᠨᠠᠷᠢᠨ ᠪᠢᠴᠢᠭ ᠤᠨ ᠳᠠᠷᠤᠭ᠎ᠠ ᠳ᠋ᠦ᠋ ᠪᠦᠸᠧ ᠵᠢᠶᠦ᠋ᠨ ᠤ ᠲᠠᠨᠢᠯᠴᠠᠭᠤᠯᠤᠭᠰᠠᠨ ᠢᠶᠠᠷ᠂ ᠠᠷᠪᠠᠨ | ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠵᠣᠬᠢᠶᠠᠨ | ᠪᠠᠶᠢᠭᠤᠯᠬᠤ ᠺᠣᠮᠢᠰ ᠡᠯ᠎ᠡ ᠲᠥᠷᠥᠯ ᠤᠨ ᠵᠣᠴᠢᠳ ᠤᠨ ᠬᠡᠷᠡᠭᠴᠡᠭᠡ ᠶᠢ ᠭᠦᠢᠴᠡᠳ ᠪᠣᠳᠣᠯᠬᠢᠯᠠᠵᠤ᠂ ᠠᠵᠢᠯ ᠲᠥᠷᠥᠯ | ᠢᠶᠠᠷ ᠵᠣᠴᠢᠯᠠᠬᠤ ᠪᠠᠲᠤᠯᠠᠭ᠎ᠠ ᠶᠢᠨ ᠲᠥᠰᠥᠯ ᠢ ᠲᠥᠷᠥᠯ ᠬᠤᠪᠢᠶᠠᠨ ᠨᠢᠮᠪᠠᠢ ᠲᠣᠭᠲᠠᠭᠠᠵᠤ᠂ 41 ᠲᠣᠭᠲᠠᠭᠰᠠᠨ | ᠴᠡᠭ ᠤᠨ ᠪᠠᠭᠤᠳᠠᠯ ᠳᠤ ᠨᠡᠶᠢᠲᠡ 1.06 ᠲᠦᠮᠡᠨ ᠬᠥᠮᠥᠨ ᠤᠳᠠᠭ᠎ᠠ ᠶᠢ ᠭᠥᠯᠢᠶᠡᠨ ᠠᠪᠴᠤ ᠵᠣᠴᠢᠯᠠᠵᠠᠢ᠃ ᠡᠯ᠎ᠡ | ᠤᠷᠤᠯᠳᠤᠭᠠᠨ ᠤ ᠲᠣᠭᠤᠷᠢᠭ ᠨᠢ ︽ᠬᠠᠮᠤᠭ ᠤᠨ ᠣᠬᠤᠷ ᠴᠠᠭ᠂ ᠬᠠᠮᠤᠭ ᠤᠨ ᠰᠠᠶᠢᠨ ᠵᠠᠮ ᠱᠤᠭᠤᠮ︾ ᠪᠠᠶᠢᠬᠤ | ᠵᠠᠷᠴᠢᠮ ᠶᠣᠰᠣᠭᠠᠷ᠂ ᠤᠷᠤᠯᠳᠤᠭᠠᠨ ᠤ ᠬᠤᠭᠤᠴᠠᠭᠠᠨ ᠳᠠᠬᠢ ᠵᠠᠮ ᠬᠠᠷᠢᠯᠴᠠᠭᠠᠨ ᠤ ᠱᠤᠭᠤᠮ ᠢ ᠲᠥᠯᠥᠪᠵᠢᠭᠦᠯᠵᠦ᠂ | ᠠᠵᠢᠯ ᠤᠨ ᠲᠤᠰᠬᠠᠢ ᠠᠩᠭᠢ ᠶᠢ ᠲᠣᠮᠢᠯᠠᠨ ᠰᠠᠭᠤᠯᠭᠠᠵᠤ᠂ ᠵᠠᠮ ᠬᠠᠷᠢᠯᠴᠠᠭᠠᠨ ᠤ ᠬᠡᠷᠡᠭᠴᠡᠭᠡ ᠱᠠᠭᠠᠷᠳᠠᠯᠭ᠎ᠠ ᠶᠢ ᠪᠦᠭᠦ | ᠬᠦᠴᠦᠨ ᠢᠶᠠᠷ ᠪᠠᠲᠤᠯᠠᠵᠤ᠂ ᠤᠷᠤᠯᠳᠤᠭᠠᠨ ᠤ ᠬᠤᠭᠤᠴᠠᠭᠠᠨ ᠳᠤ ᠨᠡᠶᠢᠲᠡ 4400 ᠭᠠᠷᠤᠢ ᠰᠠᠭᠤᠷᠢ ᠤᠳᠠᠭ᠎ᠠ | ᠲᠡᠷᠭᠡ ᠬᠥᠰᠬᠡ ᠲᠣᠮᠢᠯᠠᠨ᠂13.7 ᠲᠦᠮᠡᠨ ᠬᠥᠮᠥᠨ ᠤᠳᠠᠭ᠎ᠠ ᠳᠤ ᠲᠦᠷᠭᠡᠨ ᠳᠥᠲᠡ ᠪᠥᠭᠡᠳ ᠥᠨᠳᠥᠷ | ᠪᠦᠲᠦᠮᠵᠢᠲᠡᠶ ᠶᠠᠪᠤᠵᠤ ᠰᠠᠭᠤᠬᠤ ᠦᠢᠯᠡᠴᠢᠯᠡᠭᠡ ᠬᠠᠩᠭᠠᠪᠠ᠃ 2000 ᠰᠠᠶᠢᠨ ᠲᠤᠷᠠᠴᠤᠳ ᠤᠨ ︽ᠮᠥᠰᠥ ᠴᠠᠰᠤᠨ | ᠪᠦᠯᠭᠦᠮ︾ ᠨᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ | ᠴᠤᠭᠯᠠᠭᠠᠨ ᠳᠤ ᠬᠠᠯᠠᠭᠤᠨ ᠦᠢᠯᠡᠴᠢᠯᠡᠭᠡ ᠬᠠᠩᠭᠠᠪᠠ᠃ ᠲᠤᠰᠬᠠᠢ ᠮᠡᠷᠭᠡᠵᠢᠯᠲᠡᠨ ᠢ ᠲᠣᠮᠢᠯᠠᠨ ᠰᠠᠭᠤᠯᠭᠠᠬᠤ᠂ | ᠠᠯᠤᠰ ᠠᠴᠠ ᠬᠠᠮᠲᠤᠷᠠᠨ ᠣᠨᠣᠰᠢᠯᠠᠬᠤ᠂ ᠠᠭᠠᠷ ᠤᠨ ᠲᠡᠭᠡᠭᠡᠪᠦᠷᠢ ᠪᠠᠷ ᠠᠪᠤᠷᠠᠨ ᠲᠤᠰᠠᠯᠠᠬᠤ ᠲᠣᠭᠲᠠᠴᠠ ᠶᠢ | ᠪᠠᠶᠢᠭᠤᠯᠵᠤ᠂ ᠲᠣᠭᠲᠠᠭᠰᠠᠨ ᠴᠡᠭ ᠤᠨ ᠡᠮᠨᠡᠯᠭᠡ ᠶᠢᠨ ᠬᠤᠷᠢᠶ᠎ᠠ ᠶᠢ 23 ᠲᠣᠭᠲᠠᠭᠠᠵᠤ᠂ 980 ᠬᠥᠮᠥᠨ ᠪᠦᠬᠦᠢ | ᠤᠷᠤᠯᠳᠤᠭᠠᠨ ᠤ ᠡᠮᠴᠢᠯᠡᠭᠡᠨ ᠤ ᠪᠠᠲᠤᠯᠠᠭ᠎ᠠ ᠶᠢᠨ ᠡᠩᠨᠡᠭᠡ ᠶᠢ ᠵᠣᠬᠢᠶᠠᠨ ᠪᠠᠶᠢᠭᠤᠯᠪᠠ᠃ ᠳᠥᠷᠪᠡᠳᠦᠭᠡᠷ ᠳᠡᠰ ᠤᠨ | ᠠᠮᠤᠷ ᠢ ᠬᠠᠮᠠᠭᠠᠯᠠᠬᠤ ᠵᠢᠯᠤᠭᠤᠳᠬᠤ ᠰᠢᠰᠲ᠋ᠧᠮ ᠢ ᠪᠠᠶᠢᠭᠤᠯᠵᠤ᠂ ᠡᠳᠦᠷ ᠳᠤᠮᠳᠠᠴᠢ ᠪᠠᠷ 1800 ᠭᠠᠷᠤᠢ ᠬᠥᠮᠥᠨ | ᠤᠳᠠᠭ᠎ᠠ ᠶᠢᠨ ᠴᠠᠭᠳᠠᠭᠠᠨ ᠤ ᠬᠦᠴᠦᠨ ᠲᠣᠬᠢᠷᠠᠭᠤᠯᠵᠤ᠂ ᠠᠮᠤᠷ ᠲᠦᠪᠰᠢᠨ ᠲᠣᠭᠲᠠᠭᠤᠨ ᠤᠷᠤᠯᠳᠤᠭᠠᠨ ᠡᠷᠭᠢᠯᠡᠭᠦ | ᠪᠠ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠵᠠᠢ ᠭᠡᠪᠡ᠃ | ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ | ᠵᠤᠷᠭᠠᠨ ᠤ ᠳᠠᠷᠤᠭ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ | ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠪᠠᠶᠢᠩᠭᠤ ᠶᠢᠨ ᠳᠡᠳ᠋ ᠨᠠᠷᠢᠨ ᠪᠢᠴᠢᠭ ᠤᠨ ᠳᠠᠷᠤᠭ᠎ᠠ | ᠵᠠᠩ ᠰᠢᠨ ᠲᠠᠨᠢᠯᠴᠠᠭᠤᠯᠬᠤ ᠳᠠᠭᠠᠨ᠂ ᠲᠣᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠨᠢ | ᠠᠩᠬ᠎ᠠ ᠤᠳᠠᠭ᠎ᠠ ᠮᠤᠵᠢ ᠣᠷᠣᠨ ᠬᠤᠲᠠ ᠪᠠᠷ ᠨᠢᠭᠡᠴᠢ ᠪᠣᠯᠭᠠᠨ ᠪᠦᠯᠭᠦᠮ ᠵᠣᠬᠢᠶᠠᠨ ᠪᠠᠶᠢᠭᠤᠯᠤᠨ ᠤᠷᠤᠯᠳᠤᠭᠠᠨ ᠳᠤ | ᠣᠷᠣᠯᠴᠠᠵᠤ᠂ 35 ᠲᠥᠯᠥᠭᠡᠯᠡᠭᠴᠢᠳ ᠤᠨ ᠪᠦᠯᠭᠦᠮ ᠤᠨ ᠳᠣᠲᠣᠷ᠎ᠠ 26 ᠲᠥᠯᠥᠭᠡᠯᠡᠭᠴᠢᠳ ᠤᠨ ᠪᠦᠯᠭᠦᠮ ᠠᠯᠲᠠᠨ | ᠮᠧᠳᠠᠯ ᠣᠯᠵᠤ᠂ 30 ᠲᠥᠯᠥᠭᠡᠯᠡᠭᠴᠢᠳ ᠤᠨ ᠪᠦᠯᠭᠦᠮ ᠱᠠᠩᠨᠠᠯ ᠤᠨ ᠮᠧᠳᠠᠯ ᠣᠯᠵᠤ᠂ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠣᠷᠣᠯᠴᠠᠬᠰᠠᠨ | ᠲᠥᠯᠥᠭᠡᠯᠡᠭᠴᠢᠳ ᠤᠨ ᠪᠦᠯᠭᠦᠮ ᠤᠨ ᠲᠤᠭ᠎ᠠ᠂ ᠠᠯᠲᠠᠨ ᠮᠧᠳᠠᠯ ᠱᠠᠩᠨᠠᠯ ᠤᠨ ᠮᠧᠳᠠᠯ ᠤᠨ ᠬᠠᠮᠤᠷᠤᠭᠰᠠᠨ ᠬᠡᠪᠴᠢᠶ᠎ᠡ | ᠶᠡᠭᠡ ᠪᠠᠷ ᠳᠡᠭᠡᠭᠰᠢᠯᠡᠪᠡ᠃ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ | ᠲᠠᠮᠢᠷ ᠤᠨ ᠴᠤᠭᠯᠠᠭᠠᠨ ᠢ ᠡᠷᠭᠢᠯᠡᠭᠦ ᠪᠠᠷ ᠳᠡᠮᠵᠢᠨ᠂ ᠬᠢᠷᠢ ᠲᠦᠪᠰᠢᠨ ᠢ ᠰᠢᠯᠭᠠᠨ ᠪᠠᠶᠢᠴᠠᠭᠠᠬᠤ᠂ ᠡᠩᠨᠡᠭᠡ ᠪᠠᠨ | ᠳᠠᠪᠲᠠᠨ ᠪᠤᠯᠪᠠᠰᠤᠷᠠᠭᠤᠯᠬᠤ᠂ ᠰᠢᠨ᠎ᠡ ᠬᠥᠮᠥᠨ ᠢ ᠢᠯᠡᠷᠡᠭᠦᠯᠬᠦ ᠪᠠ ᠣᠯᠢᠮᠫᠢᠺ ᠤᠨ ᠲᠠᠮᠢᠷ ᠤᠨ ᠴᠤᠭᠯᠠᠭᠠᠨ ᠤ | ᠲᠠᠮᠢᠷᠴᠢᠳ ᠢ ᠪᠤᠯᠪᠠᠰᠤᠷᠠᠭᠤᠯᠬᠤ ᠵᠣᠷᠢᠯᠭ᠎ᠠ ᠳᠠᠭᠠᠨ ᠬᠦᠷᠴᠡᠢ ᠭᠡᠪᠡ᠃ | | | |