ᠡᠨᠡ ᠵᠢᠯ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠬᠢᠨ 100 ᠤᠳᠠᠭ᠎ᠠ ᠣᠷᠴᠢᠮ ᠤᠨ ᠬᠠᠷᠪᠤᠯᠲᠠ ᠶᠢᠨ ᠡᠭᠦᠷᠭᠡ ᠶᠢ ᠭᠦᠢᠴᠡᠳᠬᠡᠨ᠎ᠡ
ᠨᠡᠶᠢᠲᠡᠯᠡᠭᠰᠡᠨ ᠴᠠᠭ᠄
2024/2/28
     ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠬᠢᠨ ᠪᠦᠭᠦ ᠵᠢᠯ ᠳᠤ 100 ᠤᠳᠠᠭ᠎ᠠ ᠣᠷᠴᠢᠮ ᠤᠨ ᠬᠠᠷᠪᠤᠯᠲᠠ ᠶᠢᠨ ᠡᠭᠦᠷᠭᠡ ᠶᠢ ᠬᠡᠷᠡᠭᠵᠢᠭᠦᠯᠬᠦ ᠪᠠᠷ ᠵᠢᠱᠢᠵᠦ᠂ ᠰᠢᠨ᠎ᠡ ᠲᠡᠮᠳᠡᠭᠯᠡᠯ ᠢ ᠡᠭᠦᠳᠬᠦ ᠪᠣᠯᠣᠮᠵᠢ ᠲᠠᠢ ᠪᠠᠶᠢᠵᠤ᠂ ᠮᠠᠨ ᠤ ᠤᠯᠤᠰ ᠤᠨ ᠠᠩᠬᠠᠳᠠᠭᠴᠢ ᠬᠤᠳᠠᠯᠳᠤᠭᠠᠨ ᠤ ᠰᠠᠨᠰᠠᠷ ᠤᠨ ᠠᠶᠠᠯᠠᠯ ᠤᠨ ᠬᠠᠷᠪᠤᠯᠲᠠ ᠶᠢᠨ ᠲᠠᠯᠠᠪᠠᠶ ᠠᠩᠬ᠎ᠠ ᠤᠳᠠᠭ᠎ᠠ ᠶᠢᠨ ᠬᠠᠷᠪᠤᠯᠲᠠ ᠶᠢᠨ ᠡᠭᠦᠷᠭᠡ ᠪᠠᠨ ᠪᠡᠶᠡᠯᠡᠭᠦᠯᠵᠦ᠂ ᠣᠯᠠᠨ ᠳᠠᠭᠠᠭᠤᠯᠢ ᠣᠳᠣᠨ ᠤ ᠣᠷᠣᠨ ᠨᠢ ᠬᠠᠮ ᠰᠦᠯᠵᠢᠶ᠎ᠡ ᠪᠠᠶᠢᠭᠤᠯᠬᠤ ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠬᠦ ᠪᠤᠯᠤᠨ᠎ᠠ; ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠤᠮᠫᠠᠨᠢ 70 ᠰᠢᠬᠠᠮ ᠤᠳᠠᠭ᠎ᠠ ᠶᠢᠨ ᠰᠠᠨᠰᠠᠷ ᠤᠨ ᠠᠶᠠᠯᠠᠯ ᠤᠨ ᠬᠠᠷᠪᠤᠯᠲᠠ ᠶᠢᠨ ᠡᠭᠦᠷᠭᠡ ᠶᠢ ᠲᠣᠬᠢᠷᠠᠭᠤᠯᠵᠤ᠂ 290 ᠭᠠᠷᠤᠢ ᠰᠠᠨᠰᠠᠷ ᠤᠨ ᠨᠢᠰᠦᠭᠦᠷ ᠢ ᠬᠠᠷᠪᠤᠵᠤ᠂ ᠠᠯᠢ ᠤᠯᠠᠨ ᠴᠢᠬᠤᠯᠠ ᠶᠡᠭᠡ ᠢᠨᠵᠧᠨᠧᠷᠢᠩ ᠤᠨ ᠡᠭᠦᠷᠭᠡ ᠶᠢ ᠬᠡᠷᠡᠭᠵᠢᠭᠦᠯᠬᠦ ᠪᠠᠷ ᠲᠥᠯᠥᠪᠯᠡᠵᠦ ᠪᠠᠶᠢᠨ᠎ᠠ᠃      2 ᠰᠠᠷ᠎ᠠ ᠶᠢᠨ 26 ᠤ ᠡᠳᠦᠷ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠪᠡᠭᠡᠵᠢᠩ ᠳᠤ ︽ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠯᠠᠭ᠎ᠠ ᠶᠢᠨ ᠬᠥᠬᠡ ᠭᠠᠳᠠᠷᠲᠤ ᠪᠢᠴᠢᠭ ︵2023 ᠣᠨ︶︾ ᠢ ᠨᠡᠶᠢᠲᠡᠯᠡᠭᠰᠡᠨ ᠪᠥᠭᠡᠳ 2024 ᠣᠨ ᠤ ᠰᠠᠨᠰᠠᠷ ᠤᠨ ᠠᠶᠠᠯᠠᠯ ᠤᠨ ᠡᠭᠦᠷᠭᠡ ᠶᠢᠨ ᠪᠦᠬᠦᠯᠢ ᠴᠣᠭᠴᠠ ᠶᠢᠨ ᠪᠠᠶᠢᠳᠠᠯ ᠢ ᠲᠠᠨᠢᠯᠴᠠᠭᠤᠯᠪᠠ᠃      ᠣᠶᠢᠯᠠᠭᠠᠭᠰᠠᠨ ᠢᠶᠠᠷ᠂ 2024 ᠣᠨ ᠳᠤ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ 70 ᠰᠢᠬᠠᠮ ᠤᠳᠠᠭ᠎ᠠ ᠶᠢᠨ ᠰᠠᠨᠰᠠᠷ ᠤᠨ ᠠᠶᠠᠯᠠᠯ ᠤᠨ ᠬᠠᠷᠪᠤᠯᠲᠠ ᠶᠢᠨ ᠡᠭᠦᠷᠭᠡ ᠶᠢ ᠲᠣᠬᠢᠷᠠᠭᠤᠯᠵᠤ᠂ 290 ᠭᠠᠷᠤᠢ ᠰᠠᠨᠰᠠᠷ ᠤᠨ ᠨᠢᠰᠦᠭᠦᠷ ᠢ ᠬᠠᠷᠪᠤᠵᠤ᠂ ᠠᠯᠢ ᠣᠯᠠᠨ ᠴᠢᠬᠤᠯᠠ ᠶᠡᠭᠡ ᠢᠨᠵᠧᠨᠧᠷᠢᠩ ᠤᠨ ᠡᠭᠦᠷᠭᠡ ᠶᠢ ᠬᠡᠷᠡᠭᠵᠢᠭᠦᠯᠬᠦ ᠪᠠᠷ ᠲᠥᠯᠥᠪᠯᠡᠵᠦ ᠪᠠᠶᠢᠨ᠎ᠠ᠄ ᠴᠠᠩ ᠵᠧᠩ ᠵᠢᠷᠭᠤᠳᠤᠭᠠᠷ ᠤᠯᠠᠭᠠᠨ ᠬᠥᠯᠭᠡ ᠲᠡᠶᠢᠷᠦᠯᠲᠦ ᠰᠤᠮᠤ ᠪᠠ ᠴᠠᠩ ᠵᠧᠩ ᠠᠷᠪᠠᠨ ᠬᠤᠶᠠᠳᠤᠭᠠᠷ ᠬᠥᠯᠭᠡ ᠲᠡᠶᠢᠷᠦᠯᠲᠦ ᠰᠤᠮᠤ ᠶᠢᠨ ᠠᠩᠬᠠᠨ ᠤ ᠨᠢᠰᠦᠯᠲᠡ ᠶᠢᠨ ᠡᠭᠦᠷᠭᠡ ᠶᠢ ᠪᠡᠶᠡᠯᠡᠭᠦᠯᠦᠨ᠎ᠡ;ᠣᠬᠲᠠᠷᠭᠤᠢ ᠶᠢᠨ ᠥᠷᠲᠡᠭᠡ ᠪᠠᠶᠢᠩᠭᠤᠵᠢᠭᠰᠠᠨ ᠠᠵᠢᠯᠯᠠᠭᠠᠨ ᠤ ᠪᠠᠶᠢᠳᠠᠯ ᠳᠤ ᠣᠷᠣᠵᠤ᠂ ᠵᠢᠯ ᠤᠨ ᠳᠣᠲᠣᠷ᠎ᠠ 2 ᠤᠳᠠᠭ᠎ᠠ ᠶᠢᠨ ᠠᠴᠢᠶᠠᠨ ᠤ ᠨᠢᠰᠬᠦ ᠣᠩᠭᠤᠴᠠ᠂ 2 ᠤᠳᠠᠭ᠎ᠠ ᠶᠢᠨ ᠬᠥᠮᠥᠨ ᠠᠴᠢᠶᠠᠯᠠᠭᠰᠠᠨ ᠨᠢᠰᠬᠦ ᠣᠩᠭᠤᠴᠠ ᠶᠢ ᠬᠠᠷᠪᠤᠬᠤ ᠡᠭᠦᠷᠭᠡ ᠪᠠ 2 ᠤᠳᠠᠭ᠎ᠠ ᠶᠢᠨ ᠪᠤᠴᠠᠬᠤ ᠡᠭᠦᠷᠭᠡ ᠶᠢ ᠪᠡᠶᠡᠯᠡᠭᠦᠯᠦᠨ᠎ᠡ; ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠳᠥᠷᠪᠡᠳᠦᠭᠡᠷ ᠬᠤᠭᠤᠴᠠᠭᠠᠨ ᠤ ᠢᠨᠵᠧᠨᠧᠷᠢᠩ ᠢ ᠠᠬᠢᠭᠤᠯᠵᠤ᠂ ᠴᠢᠤᠸᠠᠢ ᠴᠢᠶᠤᠤ ᠬᠤᠶᠠᠳᠤᠭᠠᠷ ᠨᠣᠮᠧᠷᠲᠤ ᠵᠠᠯᠭᠠᠯ ᠣᠲᠣ᠂ ᠴᠠᠩ ᠧ ᠵᠢᠷᠭᠤᠳᠤᠭᠠᠷ ᠨᠣᠮᠧᠷᠲᠤ ᠬᠠᠶᠢᠭᠤᠷ ᠢ ᠬᠠᠷᠪᠤᠵᠤ᠂ ᠳᠡᠯᠡᠬᠡᠢ ᠶᠢᠨ ᠠᠩᠬᠠᠳᠤᠭᠠᠷ ᠤᠳᠠᠭ᠎ᠠ ᠶᠢᠨ ᠰᠠᠷᠠᠨ ᠪᠥᠮᠪᠥᠷᠴᠡᠭ ᠤᠨ ᠠᠷᠤ ᠲᠠᠯ᠎ᠠ ᠳᠠᠬᠢ ᠡᠮᠦᠨᠡᠲᠦ ᠲᠤᠶᠢᠯ ᠠᠴᠠ ᠥᠯᠢᠭᠡᠷ ᠠᠪᠴᠤ ᠪᠤᠴᠠᠬᠤ ᠶᠢ ᠪᠡᠶᠡᠯᠡᠭᠦᠯᠦᠨ᠎ᠡ; ᠳᠠᠯᠠᠢ ᠲᠠᠩᠭᠢᠰ ᠤᠨ ᠳᠠᠪᠤᠰᠤᠨ ᠤ ᠬᠡᠮᠵᠢᠶ᠎ᠡ ᠶᠢ ᠬᠠᠶᠢᠨ ᠬᠡᠮᠵᠢᠬᠦ ᠳᠠᠭᠠᠭᠤᠯᠢ ᠤᠳᠤ᠂ ᠴᠠᠭᠢᠯᠭᠠᠨ ᠰᠣᠷᠢᠨᠵᠢᠨᠲᠤ ᠬᠢᠨᠠᠨ ᠬᠡᠮᠵᠢᠬᠦ ᠳᠠᠭᠠᠭᠤᠯᠢ ᠤᠳᠤ 02 ᠤᠳᠤ᠂ ᠳᠤᠮᠳᠠᠳᠤ ᠹᠷᠠᠨᠼᠢ ᠶᠢᠨ ᠤᠳᠤᠨ ᠣᠷᠣᠨ ᠤ ᠳᠠᠭᠠᠭᠤᠯᠢ ᠤᠳᠤ᠂ ᠦᠢᠯᠡᠳᠦᠯᠭᠡ ᠠᠷᠪᠠ ᠶᠢᠰᠦᠳᠦᠭᠡᠷ ᠵᠡᠷᠭᠡ ᠠᠷᠠᠳ ᠤᠨ ᠬᠡᠷᠡᠭᠯᠡᠭᠡᠨ ᠤ ᠤᠯᠠᠨ ᠳᠠᠭᠠᠭᠤᠯᠢ ᠤᠳᠤ ᠶᠢ ᠬᠠᠷᠪᠤᠵᠤ᠂ ᠡᠯ᠎ᠡ ᠠᠵᠢᠯ ᠲᠦᠷᠦᠯ ᠤᠨ ᠬᠡᠷᠡᠭᠯᠡᠭᠴᠢᠳ ᠤᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠨ᠎ᠠ; ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠦᠯᠦᠭᠯᠡᠯ ᠤᠨ ︽ᠰᠢᠨ᠎ᠡ ᠨᠢᠭᠡ ᠦᠶ᠎ᠡ ᠶᠢᠨ ᠬᠤᠳᠠᠯᠳᠤᠭᠠᠨ ᠤ ᠠᠯᠤᠰ ᠰᠡᠷᠡᠯ ᠤᠨ ᠳᠠᠭᠠᠭᠤᠯᠢ ᠣᠳᠣᠨ ᠤ ᠰᠢᠰᠲ᠋ᠧᠮ︾ ᠤᠨ ᠪᠠᠶᠢᠭᠤᠯᠤᠯᠲᠠ ᠶᠢ ᠲᠦᠷᠭᠡᠳᠬᠡᠨ᠎ᠡ᠃      2024 ᠣᠨ ᠳᠤ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠤᠨ ᠰᠤᠳᠤᠯᠤᠨ ᠦᠢᠯᠡᠳᠬᠦ ᠡᠭᠦᠷᠭᠡ ᠦᠷᠭᠦᠯᠵᠢᠯᠡᠨ ᠥᠨᠳᠥᠷ ᠬᠦᠴᠦᠯᠡᠴᠡ ᠲᠠᠢ ᠪᠠᠶᠢᠵᠤ᠂ ᠬᠥᠮᠥᠨ ᠰᠠᠭᠤᠯᠭᠠᠭᠰᠠᠨ ᠰᠠᠷᠠᠨ ᠪᠥᠮᠪᠥᠷᠴᠡᠭ ᠢ ᠬᠠᠶᠢᠨ ᠬᠡᠮᠵᠢᠬᠦ ᠢᠨᠵᠧᠨᠧᠷᠢᠩ᠂ ᠭᠦᠨ ᠣᠭᠲᠠᠷᠭᠤᠢ ᠶᠢ ᠬᠠᠶᠢᠨ ᠬᠡᠮᠵᠢᠬᠦ ᠢᠨᠵᠧᠨᠧᠷᠢᠩ ᠢ ᠪᠦᠭᠦ ᠲᠠᠯ᠎ᠠ ᠪᠠᠷ ᠠᠬᠢᠭᠤᠯᠵᠤ᠂ ᠰᠢᠨ᠎ᠡ ᠨᠢᠭᠡ ᠦᠶ᠎ᠡ ᠶᠢᠨ ᠣᠶᠢᠷ᠎ᠠ ᠭᠠᠵᠠᠷ ᠤᠨ ᠬᠥᠮᠥᠨ ᠰᠠᠭᠤᠯᠭᠠᠭᠰᠠᠨ ᠨᠢᠰᠬᠦ ᠣᠩᠭᠤᠴᠠ᠂ ᠴᠠᠩ ᠧ ᠳᠣᠯᠣᠳᠤᠭᠠᠷ᠂ ᠲᠢᠶᠠᠨ ᠸᠧᠨ ᠬᠤᠶᠠᠳᠤᠭᠠᠷ᠂ ᠲᠠᠶᠢᠪᠤᠩ ᠲᠣᠭᠤᠷᠢᠯᠲᠠ ᠶᠢᠨ ᠵᠠᠮ ᠤᠨ ᠪᠢᠴᠢᠯ ᠳᠣᠯᠭᠢᠶᠠᠨ ᠢ ᠬᠠᠶᠢᠨ ᠬᠡᠮᠵᠢᠬᠦ ᠳᠠᠭᠠᠭᠤᠯᠢ ᠣᠲᠣ ᠵᠡᠷᠭᠡ ᠪᠠᠷ ᠲᠥᠯᠥᠭᠡᠯᠡᠭᠦᠯᠦᠭᠰᠡᠨ 200 ᠭᠠᠷᠤᠢ ᠰᠠᠨᠰᠠᠷ ᠤᠨ ᠨᠢᠰᠦᠭᠦᠷ ᠢ ᠰᠤᠳᠤᠯᠤᠨ ᠦᠢᠯᠡᠳᠬᠦ ᠠᠵᠢᠯ ᠢ ᠦᠷᠭᠦᠯᠵᠢᠯᠡᠨ ᠠᠬᠢᠭᠤᠯᠵᠤ᠂ 230 ᠭᠠᠷᠤᠢ ᠬᠥᠯᠭᠡ ᠲᠡᠶᠢᠷᠦᠯᠲᠦ ᠰᠤᠮᠤ ᠶᠢ ᠪᠦᠯᠦᠭ ᠪᠦᠯᠦᠭ ᠢᠶᠠᠷ ᠠᠰᠢᠭᠯᠠᠯᠲᠠ ᠳᠤ ᠣᠷᠣᠭᠤᠯᠬᠤ ᠶᠢ ᠥᠷᠨᠢᠭᠦᠯᠵᠦ᠂ ᠣᠯᠠᠨ ᠵᠦᠢᠯ ᠤᠨ ᠬᠤᠳᠠᠯᠳᠤᠭᠠᠨ ᠤ ᠰᠠᠨᠰᠠᠷ ᠤᠨ ᠠᠶᠠᠯᠠᠯ ᠪᠠ ᠪᠦᠭᠦᠨ ᠢ ᠤᠭᠰᠠᠷᠠᠭᠰᠠᠨ ᠳᠠᠭᠠᠭᠤᠯᠢ ᠤᠳᠤ ᠶᠢ ᠭᠠᠳᠠᠭᠠᠳᠤ ᠳᠤ ᠭᠠᠷᠭᠠᠬᠤ ᠭᠡᠷ᠎ᠡ ᠪᠠᠨ ᠭᠦᠢᠴᠡᠳᠬᠡᠬᠦ ᠠᠵᠢᠯ ᠢ ᠪᠡᠶᠡᠯᠡᠭᠦᠯᠬᠦ ᠪᠣᠯᠣᠨ᠎ᠠ᠃      ᠲᠠᠨᠢᠯᠴᠠᠭᠤᠯᠤᠭᠰᠠᠨ ᠢᠶᠠᠷ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠦᠯᠦᠭᠯᠡᠯ ᠪᠠᠰᠠ ᠣᠯᠠᠨ ᠤᠳᠠᠭ᠎ᠠ ᠶᠢᠨ ᠬᠤᠳᠠᠯᠳᠤᠭᠠᠨ ᠤ ᠬᠠᠷᠪᠤᠯᠲᠠ ᠶᠢᠨ ᠡᠭᠦᠷᠭᠡ ᠶᠢ ᠪᠡᠶᠡᠯᠡᠭᠦᠯᠬᠦ ᠪᠥᠭᠡᠳ ᠲᠡᠭᠡᠭᠡᠪᠦᠷᠢ ᠶᠢᠨ ᠦᠯᠡᠳᠡᠪᠦᠷᠢ ᠬᠦᠴᠦᠨ ᠤ ᠮᠡᠳᠡᠭᠡ ᠵᠠᠩᠭᠢ ᠶᠢ ᠢᠯᠡ ᠪᠠᠷ ᠨᠡᠶᠢᠲᠡᠯᠡᠵᠦ᠂ ᠬᠤᠳᠠᠯᠳᠤᠭᠠᠨ ᠤ ᠬᠡᠷᠡᠭᠯᠡᠭᠴᠢᠳ ᠲᠤ ᠬᠠᠷᠪᠤᠯᠲᠠ ᠶᠢᠨ ᠪᠠ ᠠᠴᠢᠶᠠᠯᠠᠬᠤ ᠲᠣᠭᠢᠶᠠᠯ ᠬᠠᠩᠭᠠᠵᠤ᠂ ᠡᠯ᠎ᠡ ᠲᠥᠷᠥᠯ ᠤᠨ ᠬᠡᠷᠡᠭᠯᠡᠭᠴᠢᠳ ᠲᠤ ᠲᠦᠷᠭᠡᠨ᠂ ᠲᠣᠭᠲᠠᠪᠤᠷᠢᠲᠠᠢ᠂ ᠨᠠᠶᠢᠳᠠᠪᠤᠷᠢᠲᠠᠢ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠬᠠᠷᠪᠤᠯᠲᠠ ᠶᠢᠨ ᠦᠢᠯᠡᠴᠢᠯᠡᠭᠡ ᠬᠠᠩᠭᠠᠬᠤ ᠪᠣᠯᠣᠨ᠎ᠠ᠃ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠬᠠᠨᠳᠤᠭᠤᠯᠤᠨ᠂ ᠳᠣᠬᠢᠭᠤᠷ ᠲᠤᠯᠤᠭᠠᠨ ᠣᠲᠣ ᠬᠡᠷᠡᠭᠯᠡᠭᠡᠨ ᠤ ᠰᠢᠰᠲ᠋ᠧᠮ ᠤᠨ ᠴᠤᠭᠯᠠᠷᠠᠯ ᠪᠠ ᠥᠷᠲᠡᠭ ᠨᠡᠮᠡᠭᠳᠡᠯ ᠤᠨ ᠦᠢᠯᠡᠴᠢᠯᠡᠭᠡ ᠲᠡᠶᠢᠰᠢ ᠤᠷᠲᠤᠳᠬᠠᠬᠤ ᠶᠢ ᠪᠡᠶᠡᠯᠡᠭᠦᠯᠵᠦ᠂ ᠪᠦᠯᠦᠭᠯᠡᠯ ᠺᠤᠮᠫᠠᠨᠢ ᠶᠢᠨ ᠲᠡᠭᠷᠢ ᠭᠠᠵᠠᠷ ᠢ ᠨᠢᠭᠡ ᠴᠣᠭᠴᠠᠵᠢᠭᠤᠯᠤᠭᠰᠠᠨ ᠳᠠᠪᠠᠭᠤᠯᠢᠭ ᠪᠠ ᠳᠠᠭᠠᠭᠤᠯᠢ ᠣᠳᠣᠨ ᠤ ᠴᠢᠮᠡᠭᠡ ᠬᠤᠯᠪᠤᠭ᠎ᠠ᠂ ᠠᠶᠠᠯᠠᠯ ᠵᠠᠯᠠᠬᠤ᠂ ᠠᠯᠤᠰ ᠰᠡᠷᠡᠯ ᠤᠨ ᠶᠡᠷᠦᠩᠬᠡᠶᠢᠯᠡᠭᠰᠡᠨ ᠬᠡᠷᠡᠭᠯᠡᠭᠡᠨ ᠤ ᠳᠠᠪᠠᠭᠤᠯᠢᠭ ᠢ ᠪᠠᠳᠠᠷᠠᠭᠤᠯᠵᠤ᠂ ᠳᠠᠭᠠᠭᠤᠯᠢ ᠣᠳᠣᠨ ᠤ ᠬᠡᠷᠡᠭᠯᠡᠭᠡ ᠶᠢ ᠰᠢᠨ᠎ᠡ ᠪᠠᠷ ᠮᠠᠨᠳᠤᠭᠰᠠᠨ ᠬᠦᠷᠢᠶᠡᠨ ᠳᠤ ᠲᠠᠰᠤᠷᠠᠯᠲᠠ ᠦᠭᠡᠢ ᠠᠭᠤᠰᠤᠯᠴᠠᠭᠤᠯᠤᠨ᠂ ᠭᠤᠣᠯᠳᠠᠯᠭ᠎ᠠ ᠲᠠᠢ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢ ᠳᠡᠮᠵᠢᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号