ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠮᠠᠨ ᠤ ᠣᠷᠣᠨ ᠢ ᠳᠡᠮᠵᠢᠬᠦ 20 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠭᠠᠷᠭᠠᠪᠠ
ᠨᠡᠶᠢᠲᠡᠯᠡᠭᠰᠡᠨ ᠴᠠᠭ᠄
2024/2/28
     ᠣᠶᠢᠷ᠎ᠠ ᠳᠤ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ︽ᠥᠪᠥᠷ ᠮᠣᠩᠭᠤᠯ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠳᠡᠮᠵᠢᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃      ᠣᠶᠢᠯᠠᠭᠠᠭᠰᠠᠨ ᠢᠶᠠᠷ᠂︽ᠰᠠᠨᠠᠯ︾ ᠳᠤ ᠲᠠᠷᠢᠶᠠᠨ ᠭᠠᠵᠠᠷ ᠢ ᠡᠵᠡᠯᠡᠬᠦ ᠨᠥᠬᠦᠪᠦᠷᠢ ᠶᠢ ᠲᠡᠩᠴᠡᠭᠦᠷᠢᠰᠢᠭᠦᠯᠬᠦ ᠬᠠᠮᠢᠶᠠᠷᠤᠯᠲᠠ ᠶᠢ ᠥᠭᠡᠷᠡᠴᠢᠯᠡᠨ ᠲᠡᠭᠦᠯᠳᠡᠷᠵᠢᠭᠦᠯᠬᠦ ᠶᠢ ᠳᠡᠮᠵᠢᠬᠦ᠂ ᠠᠭᠤᠷᠬᠠᠢ ᠮᠠᠯᠲᠠᠬᠤ ᠵᠢᠴᠢ ᠴᠠᠭᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠲᠥᠷᠥᠯ ᠵᠦᠢᠯ ᠤᠨ ᠬᠡᠷᠡᠭᠯᠡᠬᠦ ᠭᠠᠵᠠᠷ ᠤᠨ ᠪᠠᠲᠤᠯᠠᠭ᠎ᠠ ᠶᠢ ᠴᠢᠩᠭᠠᠳᠬᠠᠬᠤ᠂ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠤᠨ ᠬᠦᠷᠢᠶᠡᠯᠡᠩ ᠲᠣᠭᠤᠷᠢᠭ ᠤᠨ ᠭᠠᠵᠠᠷ ᠰᠢᠷᠣᠢ ᠶᠢ ᠬᠡᠷᠡᠭᠯᠡᠬᠦ ᠵᠦᠢ ᠵᠣᠬᠢᠰᠲᠠᠢ ᠬᠡᠷᠡᠭᠴᠡᠭᠡ ᠶᠢ ᠪᠠᠲᠤᠯᠠᠬᠤ᠂ ᠰᠠᠭᠤᠷᠢ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠲᠤᠷᠰᠢᠯᠲᠠ ᠶᠢᠨ ᠴᠡᠭ ᠲᠤ ᠨᠡᠶᠢᠭᠡᠮ ᠤᠨ ᠪᠡᠯᠡ ᠮᠥᠩᠭᠦ ᠶᠢ ᠤᠷᠤᠯᠴᠠᠭᠤᠯᠬᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠠᠰᠢᠭᠯᠠᠬᠤ ᠡᠷᠴᠢᠮ ᠢ ᠴᠢᠩᠭᠠᠷᠠᠭᠤᠯᠬᠤ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ᠂ ᠨᠡᠭᠦᠷᠡᠰᠦᠨ ᠤ ᠳᠠᠭᠠᠯᠳᠤᠪᠤᠷᠢ ᠡᠷᠦᠳᠡᠰᠦ ᠶᠢᠨ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠵᠣᠷᠢᠭᠵᠢᠭᠤᠯᠬᠤ᠂ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠬᠤ ᠵᠡᠷᠭᠡ 8 ᠲᠠᠯ᠎ᠠ ᠪᠠᠷ 20 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠨᠡᠶᠢᠲᠡᠯᠡᠪᠡ᠃ ᠡᠭᠦᠨ ᠤ ᠬᠠᠮᠲᠤ ᠲᠥᠷᠥ ᠶᠢᠨ ᠪᠣᠳᠣᠯᠭ᠎ᠠ᠂ ᠲᠥᠷᠥᠯ ᠵᠦᠢᠯ᠂ ᠪᠡᠯᠡ ᠮᠥᠩᠭᠦ ᠵᠡᠷᠭᠡ ᠲᠠᠯ᠎ᠠ ᠪᠠᠷ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠪᠣᠳᠠᠲᠠᠢ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠥᠪᠥᠷ ᠮᠣᠩᠭᠤᠯ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠠᠵᠤ ᠠᠬᠤᠢ ᠶᠢᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠦᠨᠡᠨ ᠬᠦ ᠠᠬᠢᠭᠤᠯᠤᠨ᠎ᠠ ᠭᠡᠵᠡᠢ᠃      ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠳᠤᠰ ︽ᠰᠠᠨᠠᠯ︾ ᠨᠢ ᠥᠪᠥᠷ ᠮᠣᠩᠭᠤᠯ ᠤᠨ ᠪᠠᠶᠢᠭᠠᠯᠢ ᠶᠢᠨ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠥᠪᠥᠷ ᠮᠣᠩᠭᠤᠯ ᠤᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢ ᠲᠦᠯᠬᠢᠨ ᠠᠬᠢᠭᠤᠯᠵᠤ᠂ ︽ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠢᠳᠡᠪᠬᠢ ᠦᠢᠯᠡᠳᠦᠯ ᠦᠵᠡᠭᠦᠯᠭᠦ ᠪᠣᠯᠣᠨ᠎ᠠ᠃ ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠡᠨᠡ ᠬᠦ ᠠᠵᠠ ᠲᠣᠭᠢᠶᠠᠯ ᠢ ᠠᠮᠵᠢᠵᠤ᠂ ᠲᠦᠷᠦ ᠶᠢᠨ ᠪᠣᠳᠣᠯᠭ᠎ᠠ ᠶᠢᠨ ᠲᠠᠶᠢᠯᠤᠮᠵᠢ ᠶᠢ ᠰᠠᠶᠢᠲᠤᠷ ᠬᠢᠵᠦ᠂ ᠠᠵᠢᠯ ᠤᠨ ᠲᠥᠰᠥᠯ ᠲᠣᠭᠲᠠᠭᠠᠵᠤ᠂︽ᠰᠠᠨᠠᠯ︾ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠤᠯᠤᠰ ᠤᠨ ᠠᠮᠢ ᠠᠬᠤᠢ᠂ ᠡᠨᠧᠷᠭᠢ᠂ ᠠᠮᠤ ᠪᠤᠳᠠᠭ᠎ᠠ᠂ ᠠᠵᠤ ᠦᠢᠯᠡᠰ ᠪᠣᠯᠣᠨ ᠬᠢᠯᠢ ᠬᠢᠵᠠᠭᠠᠷ ᠤᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠤᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号