ᠰᠢᠩ ᠱᠧᠩ ᠨᠡᠶᠢᠭᠡᠮ ᠲᠣᠭᠤᠷᠢᠭ ᠤᠨ ᠬᠢᠨ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠦᠢᠯᠡᠴᠢᠯᠡᠭᠡ ᠪᠠᠷ ᠠᠷᠠᠳ ᠤᠨ ᠵᠣᠪᠠᠨᠢᠯ ᠢ ᠰᠢᠢᠳᠪᠦᠷᠢᠯᠡᠵᠦ ᠣᠯᠠᠨ ᠲᠦᠮᠡᠨ ᠤ ᠰᠡᠳᠬᠢᠯ ᠢ ᠮᠡᠳᠡᠭᠴᠢ ᠪᠣᠯᠬᠤ ᠪᠠᠷ ᠴᠢᠷᠮᠠᠶᠢᠨ᠎ᠠ
ᠨᠡᠶᠢᠲᠡᠯᠡᠭᠰᠡᠨ ᠴᠠᠭ᠄
2024/2/29
     ᠰᠢᠩ ᠱᠧᠩ ᠨᠡᠶᠢᠭᠡᠮ ᠲᠣᠭᠤᠷᠢᠭ ᠤᠨ ᠬᠢᠨ ᠬᠠᠷᠢᠶᠠᠲᠤ ᠣᠷᠣᠨ ᠤ ᠪᠠᠨ ᠰᠠᠭᠤᠭᠠᠯᠢ ᠠᠷᠠᠳ ᠤᠨ ︽ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠰᠠᠨᠠᠭᠰᠠᠨ︾ ᠠᠰᠠᠭᠤᠳᠠᠯ ᠤᠨ ᠲᠣᠭᠤᠷᠢᠨ ᠳᠤ᠂ ᠣᠯᠠᠨ ᠲᠦᠮᠡᠨ ᠤ ᠰᠠᠨᠠᠭ᠎ᠠ ᠵᠣᠪᠠᠭ᠋ᠤ ᠶᠠᠪᠤᠳᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ ᠪᠠᠶᠢᠨ᠎ᠠ᠃ 2 ᠰᠠᠷ᠎ᠠ ᠶᠢᠨ 20 ᠤ ᠡᠳᠦᠷ ᠸᠠᠩ ᠠᠪᠤᠭᠠᠢ ᠬᠦᠴᠢᠷᠳᠡᠯ ᠤᠨ ᠨᠥᠬᠦᠪᠦᠷᠢ ᠶᠢ ᠭᠦᠢᠴᠡᠳᠬᠡᠬᠦ ᠶᠠᠪᠤᠴᠠ ᠳᠤ ᠠᠰᠠᠭᠤᠳᠠᠯ ᠲᠤᠯᠭᠠᠷᠠᠵᠠᠢ᠃ ᠨᠡᠶᠢᠭᠡᠮ ᠲᠣᠭᠤᠷᠢᠭ ᠲᠤ ᠢᠷᠡᠵᠦ ᠨᠡᠶᠢᠭᠡᠮ ᠲᠣᠭᠤᠷᠢᠭ ᠤᠨ ᠣᠷᠣᠯᠠᠨ ᠭᠦᠢᠴᠡᠳᠭᠡᠭᠴᠢ ᠠᠴᠠ ᠲᠤᠰᠠᠯᠠᠮᠵᠢ ᠭᠤᠶᠤᠬᠤ ᠳᠤ᠂ ᠠᠵᠢᠯᠲᠠᠳ ᠪᠠᠶᠢᠳᠠᠯ ᠢ ᠣᠶᠢᠯᠠᠭᠠᠭᠰᠠᠨ ᠤ ᠳᠠᠷᠠᠭ᠎ᠠ ᠲᠡᠷᠡ ᠳᠠᠷᠤᠢ ᠳᠤᠨᠢ ᠸᠠᠩ ᠠᠪᠤᠭᠠᠢ ᠶᠢ ᠬᠠᠪᠰᠤᠷᠤᠨ ᠭᠠᠷ ᠭᠦᠢᠴᠡᠳᠬᠡᠯ ᠢ ᠨᠢ ᠪᠦᠷᠢᠨ ᠭᠦᠢᠴᠡᠳ ᠨᠥᠬᠦᠪᠦᠷᠢᠯᠡᠭᠰᠡᠨ ᠪᠥᠭᠡᠳ ᠬᠦᠴᠢᠷᠳᠡᠯ ᠤᠨ ᠨᠥᠬᠦᠪᠦᠷᠢ ᠶᠢ ᠠᠮᠵᠢᠯᠲᠠᠲᠠᠢ ᠭᠦᠢᠴᠡᠳᠬᠡᠵᠡᠢ᠂ ᠡᠭᠦᠨ ᠳᠤ ᠸᠠᠩ ᠠᠪᠤᠭᠠᠢ ᠲᠡᠷᠡ ᠳᠠᠷᠤᠢ ᠳᠤᠨᠢ ᠲᠠᠯᠠᠷᠬᠠᠯ ᠢᠶᠠᠨ ᠢᠯᠡᠳᠬᠡᠪᠡ᠃
     ᠰᠢᠩ ᠱᠧᠩ ᠨᠡᠶᠢᠭᠡᠮ ᠲᠣᠭᠤᠷᠢᠭ ᠤᠨ ᠬᠢᠨ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠦᠷᠭᠦᠯᠵᠢᠯᠡᠨ ᠪᠠᠷᠢᠮᠲᠠᠯᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠦᠢᠯᠡᠴᠢᠯᠡᠭᠡ ᠶᠢ ᠨᠠᠩ ᠰᠠᠶᠢᠨ ᠬᠠᠩᠭᠠᠵᠤ᠂ ᠣᠯᠠᠨ ᠲᠦᠮᠡᠨ ᠤ ᠵᠣᠯ ᠵᠢᠷᠭᠠᠯᠲᠤ ᠰᠡᠳᠬᠢᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号