ᠦᠴᠦᠸᠠᠨ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠬᠠᠮ ᠵᠠᠭᠤᠴᠢᠯᠠᠭᠤᠷ ᠤᠨ ᠲᠥᠪ ᠲᠠᠢ ᠬᠠᠮᠲᠤᠷᠠᠨ ︽ᠴᠡᠴᠡᠭ ᠤᠨ ᠤᠷᠠᠯᠢᠭ ᠢᠶᠠᠷ ᠬᠥᠮᠥᠰ ᠤᠨ ᠰᠡᠳᠬᠢᠯ ᠢ ᠳᠤᠯᠠᠭᠠᠴᠠᠭᠤᠯᠬᠤ︾ ︽3 · 8︾ ᠤ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/29
     114 ᠳ᠋ᠦ᠋ᠭᠡᠷ ︽3 · 8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠵᠦ᠂ ᠡᠮᠡᠭᠲᠡᠶᠢᠴᠦᠳ ᠤᠨ ᠳᠦᠷᠢ ᠲᠥᠷᠬᠦ ᠶᠢ ᠪᠠᠳᠠᠷᠠᠭᠤᠯᠤᠨ᠂ ᠡᠮᠡᠭᠲᠡᠶᠢᠴᠦᠳ ᠤᠨ ᠥᠩᠭᠡ ᠭᠢᠯᠪᠠᠭ᠎ᠠ ᠶᠢ ᠳᠡᠯᠭᠡᠨ ᠦᠵᠡᠭᠦᠯᠬᠦ ᠶᠢᠨ ᠲᠥᠯᠥᠭᠡ᠂ ᠦᠴᠦᠸᠠᠨ ᠰᠢᠶᠠᠨ ᠤ ᠡᠮᠡᠭᠲᠡᠶᠢᠴᠦᠳ ᠤᠨ ᠬᠤᠯᠪᠣᠭ᠎ᠠ ︽3 · 8︾ ᠤ ᠪᠠᠶᠠᠷ ᠤᠨ ᠬᠤᠭᠤᠴᠠᠭᠠᠨ ᠳᠤ ︽ᠨᠠᠮ ᠢᠶᠠᠨ ᠳᠠᠭᠠᠵᠤ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠵᠤ᠂ ᠡᠮᠡᠭᠲᠡᠶᠢᠴᠦᠳ ᠤᠨ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ︾ ᠪᠠᠷ ᠭᠤᠣᠯ ᠰᠡᠳᠦᠪ ᠪᠣᠯᠭᠠᠭᠰᠠᠨ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃
     2 ᠰᠠᠷ᠎ᠠ ᠶᠢᠨ 29 ᠤ ᠡᠳᠦᠷ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠬᠠᠮ ᠵᠠᠭᠤᠴᠢᠯᠠᠭᠤᠷ ᠤᠨ ᠲᠥᠪ  ᠲᠠᠢ ᠬᠠᠮᠲᠤᠷᠠᠨ ︽ᠴᠡᠴᠡᠭ ᠤᠨ ᠤᠷᠠᠯᠢᠭ ᠢᠶᠠᠷ ᠬᠥᠮᠥᠰ ᠤᠨ ᠰᠡᠳᠬᠢᠯ ᠢ ᠳᠤᠯᠠᠭᠠᠴᠠᠭᠤᠯᠬᠤ︾ ᠬᠤᠸᠠᠷ ᠬᠠᠳᠬᠤᠬᠤ ᠠᠵᠢᠯᠯᠠᠭ᠎ᠠ ᠥᠷᠨᠢᠭᠦᠯᠵᠦ᠂ ᠪᠠᠶᠢᠭᠤᠯᠤᠯᠭ᠎ᠠ ᠶᠢᠨ ᠡᠮᠡᠭᠲᠡᠢ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠬᠠᠮᠲᠤ ᠪᠠᠷ ᠨᠢᠭᠡ ᠤᠳᠠᠭᠠᠨ ᠤ ᠴᠡᠴᠡᠭ ᠤᠨ ᠪᠣᠯᠵᠣᠭᠠᠨ ᠳᠤ ᠣᠷᠣᠯᠴᠠᠭᠤᠯᠵᠤ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠬᠠᠮᠲᠤ ᠪᠠᠷ ᠮᠡᠳᠡᠷᠡᠭᠦᠯᠪᠡ᠃
     ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠴᠡᠴᠡᠭ ᠤᠨ ᠤᠷᠠᠯᠢᠭ ᠤᠨ ᠪᠠᠭᠰᠢ ᠡᠮᠡᠭᠲᠡᠢ ᠠᠵᠢᠯᠲᠠᠳ ᠲᠤ ᠰᠣᠷᠭᠤᠭ ᠴᠡᠴᠡᠭ ᠤᠨ ᠲᠥᠷᠥᠯ ᠵᠦᠢᠯ ᠪᠠ ᠶᠣᠭᠲᠠ ᠤᠳᠬ᠎ᠠ ᠶᠢ ᠲᠠᠨᠢᠯᠴᠠᠭᠤᠯᠵᠤ᠂ ᠴᠡᠴᠡᠭ ᠰᠣᠩᠭᠤᠬᠤ᠂ ᠮᠥᠴᠢᠷ ᠬᠠᠶᠢᠴᠢᠯᠠᠬᠤ᠂ ᠵᠣᠬᠢᠴᠠᠭᠤᠯᠬᠤ ᠤᠷ᠎ᠠ ᠮᠡᠷᠭᠡᠵᠢᠯ ᠪᠠ ᠴᠡᠴᠡᠭ ᠬᠠᠳᠬᠤᠬᠤ ᠳᠤ ᠠᠩᠬᠠᠷᠬᠤ ᠴᠢᠬᠤᠯᠠᠲᠠᠢ ᠭᠤᠣᠯ ᠳᠡᠳ᠋ ᠤᠨ ᠬᠠᠷᠢᠴᠠᠭ᠎ᠠ ᠵᠡᠷᠭᠡ ᠶᠢ ᠲᠠᠶᠢᠯᠪᠤᠷᠢᠯᠠᠨ ᠥᠭᠴᠦ᠂ ᠥᠯᠢᠭᠡᠷ ᠵᠢᠱᠢᠶ᠎ᠡ ᠦᠵᠡᠭᠦᠯᠪᠡ᠃ ᠴᠡᠴᠡᠭ ᠬᠠᠳᠬᠤᠬᠤ ᠤᠷ᠎ᠠ ᠮᠡᠷᠭᠡᠵᠢᠯ ᠤᠨ ᠥᠪᠡᠷᠮᠢᠴᠡ ᠲᠠᠲᠠᠬᠤ ᠬᠦᠴᠦᠨ ᠨᠢ ᠣᠯᠠᠨ ᠤ ᠤᠷᠮ᠎ᠠ ᠪᠠᠬ᠎ᠠ ᠶᠢ ᠬᠥᠭᠵᠢᠭᠡᠵᠡᠢ᠃
     ᠴᠡᠴᠡᠭ ᠤᠨ ᠤᠷᠠᠯᠢᠭ ᠤᠨ ᠪᠠᠭᠰᠢ ᠶᠢᠨ ᠵᠢᠯᠣᠭᠤᠳᠤᠯᠭ᠎ᠠ ᠳᠣᠣᠷ᠎ᠠ ᠣᠯᠠᠨ ᠢᠶᠠᠷ ᠢᠶᠠᠨ ᠭᠠᠷ ᠬᠥᠳᠡᠯᠦᠨ ᠦᠢᠯᠡᠳᠦᠯᠭᠡᠵᠢᠭᠦᠯᠵᠦ᠂ ᠤᠳᠠᠯ ᠦᠭᠡᠢ ᠨᠢᠭᠡ ᠨᠢᠭᠡ ᠪᠠᠷ ᠢᠶᠠᠨ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠴᠡᠴᠡᠭ ᠤᠨ ᠤᠷᠠᠯᠢᠭ ᠤᠨ ᠪᠦᠲᠦᠭᠡᠯ ᠤᠳ ᠢ ᠪᠦᠲᠦᠭᠡᠪᠡ᠃ ᠤᠯᠠᠨ ᠢᠶᠠᠷ ᠢᠶᠠᠨ ᠨᠠᠷᠢᠨ ᠨᠢᠮᠪᠠᠢ ᠪᠦᠲᠦᠭᠡᠭᠰᠡᠨ ᠴᠡᠴᠡᠭ ᠤᠨ ᠤᠷᠠᠯᠢᠭ ᠤᠨ ᠪᠦᠲᠦᠭᠡᠯ ᠢᠶᠠᠨ ᠡᠷᠭᠦᠵᠦ᠂ ᠪᠠᠶᠠᠷ ᠬᠦᠷ ᠲᠠᠢ ᠪᠠᠷ ᠳᠤᠷᠠᠰᠬᠠᠯ ᠦᠯᠡᠳᠡᠭᠡᠵᠦ᠂ ᠭᠤᠸ᠎ᠠ ᠰᠠᠶᠢᠬᠠᠨ ᠢ ᠮᠡᠳᠡᠷᠡᠵᠦ᠂ ᠭᠤᠸ᠎ᠠ ᠰᠠᠶᠢᠬᠠᠨ ᠢ ᠰᠣᠨᠢᠷᠬᠠᠵᠤ᠂ ᠭᠤᠸ᠎ᠠ ᠰᠠᠶᠢᠬᠠᠨ ᠢ ᠡᠭᠦᠳᠦᠨ ᠪᠦᠲᠦᠭᠡᠬᠦ ᠶᠠᠪᠤᠴᠠ ᠳᠤ ᠨᠢᠭᠡᠨ ᠬᠠᠯᠠᠭᠤᠨ ᠳᠤᠯᠠᠭᠠᠨ ᠷᠣᠮᠠᠨᠲ᠋ᠢᠭ ︽3 · 8︾  ᠤ ᠪᠠᠶᠠᠷ ᠢ ᠥᠩᠭᠡᠷᠡᠭᠦᠯᠵᠡᠢ᠃
     ᠠᠵᠢᠯᠯᠠᠭ᠎ᠠ ᠶᠢᠨ ᠡᠴᠦᠰ ᠲᠤ᠂ ᠤᠯᠠᠨ ᠢᠶᠠᠷ ᠢᠶᠠᠨ᠂ ︽ᠬᠠᠭᠠᠰ ᠲᠤᠯᠭᠠᠭᠤᠷᠢ︾ ᠶᠢᠨ ᠡᠭᠦᠷᠭᠡ ᠬᠠᠷᠢᠭᠤᠴᠠᠯᠭ᠎ᠠ ᠪᠠᠨ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠨᠡᠩ ᠤᠯᠠᠨ ᠰᠣᠨᠢᠨ ᠮᠡᠳᠡᠭᠡᠨ ᠤ ᠪᠦᠲᠦᠭᠡᠯ ᠢ ᠦᠢᠯᠡᠳᠴᠦ᠂ ᠰᠢᠨ᠎ᠡ ᠴᠠᠭ ᠦᠶ᠎ᠡ ᠶᠢᠨ ᠵᠢᠷᠤᠭ ᠢ ᠰᠡᠳᠬᠢᠯ ᠲᠠᠯᠪᠢᠨ ᠵᠢᠷᠤᠭᠯᠠᠵᠤ᠂ ︽ᠵᠢᠷᠭᠤᠭᠠᠨ ᠰᠢᠨ᠎ᠡ ᠦᠴᠦᠸᠠᠨ︾ ᠤ ᠪᠦᠲᠦᠭᠡᠨ ᠪᠠᠶᠢᠭᠤᠯᠤᠯᠲᠠ ᠳᠤ ᠬᠠᠮ ᠵᠠᠭᠤᠴᠢᠯᠠᠭᠤᠷ ᠤᠨ ᠲᠥᠪ ᠤᠨ ᠡᠮᠡᠭᠲᠡᠶᠢᠴᠦᠳ ᠤᠨ ᠬᠦᠴᠦᠨ ᠴᠢᠳᠠᠯ ᠢ ᠨᠡᠮᠡᠷᠢᠯᠡᠨ᠎ᠡ ᠭᠡᠵᠦ ᠢᠯᠡᠳᠬᠡᠵᠡᠭᠡᠪᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号