ᠦᠴᠦᠸᠠᠨ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠲᠠᠪᠤᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/29
     2 ᠰᠠᠷ᠎ᠠ ᠶᠢᠨ 26 ᠤ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠷᠧᠨ ᠶᠠᠨ ᠰᠢᠶᠠᠩ ᠦᠴᠦᠸᠠᠨ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠲᠠᠪᠤᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠰᠢᠩ ᡁᠢ ᠾᠧᠩ᠂ ᠯᠢᠦᠢ ᠪᠢᠶᠣᠣ᠂ ᠯᠢ ᠬᠤᠶ ᠬᠤᠷᠠᠯ ᠳᠤ ᠣᠷᠣᠯᠴᠠᠪᠠ᠂ ᠰᠢᠶᠠᠨ ᠤ ᠬᠢᠨᠠᠨ ᠪᠠᠶᠢᠴᠠᠭᠠᠬᠤ ᠵᠥᠪᠯᠡᠯ᠂ ᠰᠢᠶᠠᠨ ᠤ ᠠᠷᠠᠳ ᠤᠨ ᠰᠢᠭᠦᠬᠦ ᠬᠤᠷᠢᠶ᠎ᠠ᠂ ᠰᠢᠶᠠᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ︽ᠦᠴᠦᠸᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2024 ᠣᠨ ᠤ ᠠᠵᠢᠯ ᠤᠨ ᠭᠤᠣᠯᠳᠠᠯᠭ᠎ᠠ ︵ᠲᠥᠰᠥᠯ︶︾ ᠶᠢ ᠰᠣᠨᠣᠰᠴᠤ ᠬᠢᠨᠠᠨ ᠵᠥᠪᠯᠡᠪᠡ᠃      ᠬᠤᠷᠠᠯ ᠠᠴᠠ᠂ 2024 ᠣᠨ ᠪᠣᠯ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠣᠨ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠵᠢᠯ ᠪᠣᠯᠣᠨ᠎ᠠ᠃ ᠦᠴᠦᠸᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠢᠶᠠᠨ ᠥᠷᠨᠢᠭᠦᠯᠬᠦ ᠭᠤᠣᠯ ᠰᠢᠵᠢᠮ ᠪᠣᠯᠭᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠠᠷ ᠦᠨᠳᠦᠰᠦ ᠪᠣᠯᠭᠠᠵᠤ᠂ ᠬᠢᠨᠠᠯᠲᠠ ᠶᠢᠨ ᠪᠣᠳᠠᠲᠤ ᠦᠷ᠎ᠡ ᠪᠦᠲᠦᠮᠵᠢᠲᠦ ᠴᠢᠨᠠᠷ ᠢ ᠴᠢᠩᠭᠠᠳᠬᠠᠬᠤ ᠪᠠᠷ ᠤᠳᠤᠷᠢᠳᠤᠮᠵᠢ ᠪᠣᠯᠭᠠᠵᠤ᠂ ᠲᠥᠯᠥᠭᠡᠯᠡᠭᠴᠢᠳ ᠤᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠨ᠂ ︽ᠲᠦᠷᠪᠡᠨ ᠪᠠᠶᠢᠭᠤᠯᠭ᠎ᠠ︾ ᠶᠢᠨ ᠪᠠᠶᠢᠭᠤᠯᠤᠯᠲᠠ ᠶᠢ ᠠᠬᠢᠭᠤᠯᠬᠤ ᠪᠠᠷ ᠰᠠᠭᠤᠷᠢ ᠪᠣᠯᠭᠠᠵᠤ᠂ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠤᠯᠢ ᠶᠣᠰᠣᠭᠠᠷ ᠠᠷᠠᠳ ᠤᠨ ᠲᠥᠯᠥᠭᠡ ᠡᠷᠬᠡ ᠪᠠᠨ ᠬᠡᠷᠡᠭᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠴᠦᠸᠠᠨ ᠤ ᠰᠢᠨ᠎ᠡ ᠬᠠᠭᠤᠳᠠᠰᠤ ᠶᠢ ᠪᠢᠴᠢᠭᠯᠡᠬᠦ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ᠃ ︵ᠰᠤᠷᠪᠤᠯᠵᠢᠯᠠᠭᠴᠢ᠄ ᠵᠤᠤ ᠯᠧ᠂ ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号