ᠬᠠᠳᠠ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/29
     2 ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠰᠢᠶᠠᠨ ᠤ ᠳᠠᠷᠤᠭ᠎ᠠ ᠶᠢᠨ ᠠᠯᠪᠠᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠪᠦᠬᠦ ᠰᠢᠶᠠᠨ ᠤ ᠠᠮᠢ ᠠᠬᠤᠢ ᠣᠷᠴᠢᠨ ᠲᠣᠭᠤᠷᠢᠨ ᠳᠤ ᠣᠷᠣᠰᠢᠵᠤ ᠪᠠᠶᠢᠭ᠎ᠠ ᠠᠰᠠᠭᠤᠳᠠᠯ ᠤᠨ ᠭᠡᠮ ᠰᠣᠭᠤᠭ ᠢ ᠵᠠᠷᠯᠠᠨ ᠮᠡᠳᠡᠭᠳᠡᠬᠦ ᠶᠢᠨ ᠬᠠᠮᠲᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠤᠨ ᠲᠣᠬᠢᠷᠠᠭᠤᠯᠪᠠ᠃      ᠬᠤᠷᠠᠯ ᠠᠴᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠠᠮᠢ ᠠᠬᠤᠢ ᠶᠢ ᠠᠳᠬᠤᠬᠤ ᠪᠣᠯ ᠳᠠᠷᠤᠢ ᠠᠵᠤ ᠠᠬᠤᠢ ᠶᠢᠨ ᠬᠥᠭᠵᠢᠯᠲᠡ ᠶᠢ ᠠᠳᠬᠤᠬᠤ ᠶᠠᠪᠤᠳᠠᠯ ᠮᠥᠨ︾ ᠭᠡᠬᠦ ᠶᠡᠷᠦᠩᠬᠡᠢ ᠴᠢᠭᠯᠡᠯᠲᠡ ᠶᠢ ᠦᠨᠡᠨᠬᠦ ᠦᠢᠯᠡᠳᠦᠯᠭᠡᠵᠢᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠪᠠᠨ ᠲᠠᠰᠤᠷᠠᠯᠲᠠ ᠦᠭᠡᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠭᠰᠠᠨ ᠴᠠᠭ ᠬᠤᠭᠤᠴᠠᠭᠠᠨ ᠳᠤ᠂ ᠬᠠᠤᠯᠢ ᠲᠣᠭᠲᠠᠭᠠᠯ ᠶᠣᠰᠣᠭᠠᠷ ᠡᠯ᠎ᠡ ᠲᠦᠷᠦᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠪᠣᠯᠣᠨ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠲᠣᠪᠣᠶᠢᠮ᠎ᠠ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠳᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ᠂ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠵᠠᠰᠠᠬᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠬᠦᠳᠡᠷ ᠤᠨ ᠰᠢᠭᠠᠷᠤ ᠶᠢᠨ ᠬᠥᠮᠥᠷᠭᠡ ᠶᠢ ᠵᠠᠰᠠᠬᠤ᠂ ᠬᠠᠤᠯᠢ ᠶᠢ ᠵᠥᠷᠢᠴᠡᠨ ᠨᠢᠲᠤᠯᠬᠤ ᠲᠠᠯᠠᠪᠠᠶ ᠡᠵᠡᠩᠨᠡᠬᠦ ᠶᠢ ᠴᠡᠭᠴᠡᠯᠡᠨ ᠵᠠᠰᠠᠬᠤ ᠵᠡᠷᠭᠡ ᠣᠳᠣᠬᠠᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠪᠦᠬᠦ ᠲᠠᠯ᠎ᠠ ᠪᠠᠷ ᠶᠡᠬᠡᠪᠡᠷ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠵᠢᠭᠰᠠᠭᠠᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠢ ᠡᠷᠬᠡᠪᠰᠢ ᠦᠨᠡᠨ ᠠᠴᠠ ᠵᠥᠪ ᠢ ᠡᠷᠢᠵᠦ᠂ ᠦᠳᠲᠡᠷ ᠲᠦᠷᠭᠡᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠠᠯᠳᠠᠭᠳᠠᠯ ᠢ ᠪᠠᠶᠢᠴᠠᠭᠠᠨ ᠳᠤᠲᠠᠭᠤ ᠶᠢ ᠨᠥᠬᠦᠪᠦᠷᠢᠯᠡᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠣᠳᠣᠬᠠᠨ ᠳᠤ ᠥᠭᠡᠷᠡᠴᠢᠯᠡᠬᠦ︾ ᠪᠠ ︽ᠤᠷᠳᠤ ᠬᠤᠭᠤᠴᠠᠭ᠎ᠠ ᠪᠠᠷ ᠪᠠᠷᠢᠮᠲᠠᠯᠠᠬᠤ︾ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠬᠠᠮᠤᠭ ᠤᠨ ᠴᠢᠩᠭ᠎ᠠ ᠳᠦᠷᠢᠮ ᠢᠶᠠᠷ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠵᠤ᠂ ᠠᠮᠢ ᠠᠬᠤᠢ ᠶᠢᠨ ᠠᠮᠤᠷ ᠲᠦᠪᠰᠢᠨ ᠤ ︽ᠬᠤᠷᠢᠭ᠎ᠠ ᠱᠤᠭᠤᠮ︾ ᠢ ᠡᠷᠡᠰ ᠰᠠᠬᠢᠬᠤ ᠬᠡᠷᠡᠭᠲᠡᠢ᠃ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ᠂ ᠨᠢᠭᠡ ᠪᠠᠶᠢᠷᠢ ᠬᠤᠶᠠᠷ ᠬᠠᠷᠢᠭᠤᠴᠠᠯᠭ᠎ᠠ ᠲᠠᠢ︾ ᠪᠠᠶᠢᠬᠤ ᠶᠢ ᠴᠢᠩᠭ᠎ᠠ ᠨᠠᠶᠢᠳᠠᠪᠤᠷᠢᠵᠢᠭᠤᠯᠵᠤ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠱᠠᠭᠠᠷᠳᠠᠯᠭ᠎ᠠ᠂ ᠴᠠᠭ ᠤᠨ ᠬᠢᠵᠠᠭᠠᠷ ᠢ ᠴᠢᠩᠭ᠎ᠠ ᠵᠢᠷᠤᠮᠯᠠᠨ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠪᠠ ᠴᠡᠭᠴᠡᠯᠡᠨ ᠵᠠᠰᠠᠬᠤ ᠠᠵᠢᠯ ᠢ ᠨᠠᠶᠢᠳᠠᠪᠤᠷᠢᠵᠢᠭᠤᠯᠬᠤ ᠬᠡᠷᠡᠭᠲᠡᠢ᠃ ᠬᠠᠤᠯᠢ ᠰᠠᠬᠢᠯᠭ᠎ᠠ ᠶᠢᠨ ᠦᠵᠡᠯᠲᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠰᠠᠬᠢᠯᠭ᠎ᠠ ᠶᠢᠨ ᠤᠯᠠᠭᠠᠨ ᠱᠤᠭᠤᠮ ᠢ ᠳᠠᠪᠠᠵᠤ ᠪᠣᠯᠬᠤ ᠦᠭᠡᠢ᠂ ᠬᠠᠤᠯᠢ ᠴᠠᠭᠠᠵᠠ ᠶᠢᠨ ᠬᠤᠷᠢᠭ᠎ᠠ ᠱᠤᠭᠤᠮ ᠢ ᠬᠦᠨᠳᠡᠵᠦ ᠪᠣᠯᠬᠤ ᠦᠭᠡᠢ ᠭᠡᠳᠡᠭ ᠢ ᠴᠠᠭ ᠢᠮᠠᠭᠲᠠ ᠪᠠᠲᠤ ᠴᠡᠭᠡᠵᠢᠯᠡᠵᠦ᠂ ᠪᠢᠰᠢᠷᠡᠨ ᠵᠢᠷᠦᠬᠡᠰᠢᠶᠡᠬᠦ ᠶᠢ ᠮᠡᠳᠡᠬᠦ᠂ ᠰᠡᠷᠡᠮᠵᠢᠯᠡᠨ ᠰᠡᠷᠭᠡᠶᠢᠯᠡᠬᠦ᠂ ᠬᠤᠷᠢᠭ᠎ᠠ ᠱᠤᠭᠤᠮ ᠢ ᠰᠠᠬᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ ︵ᠰᠤᠷᠪᠤᠯᠵᠢᠯᠠᠭᠴᠢ᠄ ᠯᠢᠦ ᠪᠠᠢ ᠢᠦᠢ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号