ᠦᠴᠦᠸᠠᠨ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ  ᠦᠨᠳᠦᠰᠦᠨ ᠱᠠᠲᠤᠨ ᠳᠤ ᠴᠠᠭᠠᠨ ᠰᠠᠷ᠎ᠠ ᠶᠢᠨ ᠬᠠᠶᠢᠷ᠎ᠠ ᠬᠠᠯᠠᠮᠵᠢ ᠬᠦᠷᠭᠡᠪᠡ
ᠨᠡᠶᠢᠲᠡᠯᠡᠭᠰᠡᠨ ᠴᠠᠭ᠄
2024/2/4
     2 ᠰᠠᠷ᠎ᠠ ᠶᠢᠨ 1 ᠤ ᠡᠳᠦᠷ᠂ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠠᠵᠢᠯᠲᠠᠳ ᠮᠠᠨ ᠤ ᠰᠢᠶᠠᠨ ᠤ ᠠᠵᠢᠯ ᠣᠯᠬᠤ ᠳᠤ ᠬᠦᠴᠢᠷᠲᠡᠢ ᠬᠥᠮᠥᠰ ᠤᠨ ᠭᠡᠷ ᠲᠤ ᠬᠦᠷᠴᠦ ᠰᠤᠷᠪᠤᠯᠵᠢᠯᠠᠨ᠂ ᠪᠠᠶᠢᠳᠠᠯ ᠢ ᠣᠶᠢᠯᠠᠭᠠᠭᠰᠠᠨ ᠪᠥᠭᠡᠳ ᠤᠷᠢᠳᠴᠢᠯᠠᠨ ᠴᠠᠭᠠᠨ ᠰᠠᠷ᠎ᠠ ᠶᠢᠨ ᠮᠡᠨᠳᠦᠴᠢᠯᠡᠯ ᠬᠦᠷᠭᠡᠪᠡ᠃      ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠠᠵᠢᠯᠲᠠᠳ ᠤᠷᠢᠳ ᠬᠤᠵᠢᠳ ᠬᠤᠸᠠ ᠰᠢᠶᠠᠩ ᠯᠢ ᠱᠧ᠂ ᠴᠠᠬᠢᠯᠭᠠᠨ ᠬᠦᠴᠦᠨ ᠤ ᠰᠠᠭᠤᠭᠠᠯᠢ ᠲᠣᠭᠤᠷᠢᠭ᠂ ᠺᠠᠢ ᠶᠤᠸᠠᠨ ᠭᠦᠸᠧ ᠵᠢᠢ ᠵᠡᠷᠭᠡ ᠭᠠᠵᠠᠷ ᠲᠤ ᠬᠦᠷᠴᠦ ᠠᠮᠢᠳᠤᠯᠢᠭ ᠢᠶᠠᠷ ᠠᠵᠢᠯ ᠣᠯᠣᠭᠰᠠᠳ ᠪᠠ ᠠᠵᠢᠯ ᠠᠯᠳᠠᠭᠰᠠᠳ ᠢ ᠰᠤᠷᠪᠤᠯᠵᠢᠯᠠᠪᠠ᠃ ᠴᠠᠬᠢᠯᠭᠠᠨ ᠬᠦᠴᠦᠨ ᠤ ᠰᠠᠭᠤᠭᠠᠯᠢ ᠲᠣᠭᠤᠷᠢᠭ ᠲᠤ ᠰᠠᠭᠤᠵᠤ ᠪᠠᠶᠢᠭ᠎ᠠ ᠯᠢ ᠴᠤᠤ ᠶᠢᠨ ᠪᠡᠶ᠎ᠡ ᠮᠠᠬᠠᠪᠤᠳ ᠤᠨ ᠰᠢᠯᠲᠠᠭᠠᠨ ᠠᠴᠠ ᠪᠣᠯᠵᠤ ᠠᠵᠢᠯ ᠣᠯᠬᠤ ᠳᠤ ᠬᠦᠴᠢᠷᠳᠡᠵᠦ᠂ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠪᠠᠶᠢᠳᠠᠯ ᠢ ᠣᠶᠢᠯᠠᠭᠠᠭᠰᠠᠨ ᠤ ᠲᠠᠷᠠᠭ᠎ᠠ ᠯᠢ ᠴᠤᠤ ᠶᠢᠨ ᠪᠠᠶᠢᠳᠠᠯ ᠳᠤ ᠴᠢᠭᠯᠡᠭᠦᠯᠦᠨ ᠠᠵᠢᠯ ᠠᠯᠳᠠᠯᠲᠠ ᠶᠢᠨ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢᠨ ᠲᠤᠰᠠᠯᠠᠮᠵᠢ ᠦᠵᠡᠭᠦᠯᠵᠦ᠂ ᠯᠢ ᠴᠤᠤ ᠶᠢ ᠠᠮᠢᠳᠤᠷᠠᠯ ᠳᠤ ᠢᠳᠡᠪᠬᠢᠲᠡᠢ ᠪᠠᠶᠠᠰᠤᠩᠭᠤᠢ ᠪᠠᠷ ᠬᠠᠨᠳᠤᠬᠤ ᠪᠣᠯᠭᠠᠵᠠᠢ᠃
     ᠳᠠᠷᠠᠭ᠎ᠠ ᠨᠢ᠂ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠠᠵᠢᠯᠲᠠᠳ ᠦᠢᠯᠡᠰ ᠪᠣᠰᠬᠠᠭᠰᠠᠨ ᠵᠠᠯᠠᠭᠤ ᠳ᠋ᠦᠩ ᠴᠣᠣ ᠶᠤᠸᠠᠢ ᠶᠢᠨ ᠠᠵᠢᠯᠯᠠᠬᠤ ᠭᠡᠷ ᠲᠤ ᠬᠦᠷᠴᠦ᠂ ᠲᠡᠭᠦᠨ ᠤ ᠠᠮᠢᠳᠤᠷᠠᠯ ᠤᠨ ᠣᠳᠣᠬᠢ ᠪᠠᠶᠢᠳᠠᠯ ᠪᠣᠯᠣᠨ ᠠᠵᠢᠯᠯᠠᠬᠤ ᠭᠡᠷ ᠤᠨ ᠡᠵᠡᠩᠨᠡᠯᠲᠡ ᠶᠢᠨ ᠪᠠᠶᠢᠳᠠᠯ ᠢ ᠨᠠᠷᠢᠨ ᠠᠰᠠᠭᠤᠪᠠ᠂ ᠳ᠋ᠦᠩ ᠴᠣᠣ ᠶᠤᠸᠠᠢ ᠶᠢᠨ ᠲᠠᠨᠢᠯᠴᠠᠭᠤᠯᠭ᠎ᠠ ᠪᠠᠷ ᠠᠳᠠᠯ ᠦᠢᠯᠡᠰ ᠴᠣᠭᠴᠠᠯᠠᠬᠤ ᠵᠢᠭᠡᠯᠡᠯᠭᠡ ᠨᠢ ᠲᠡᠭᠦᠨ ᠤ ᠠᠵᠢᠯᠯᠠᠬᠤ ᠭᠡᠷ ᠢ ᠨᠡᠭᠡᠭᠡᠨ ᠡᠷᠬᠢᠯᠡᠬᠦ ᠪᠠ ᠡᠵᠡᠩᠨᠡᠬᠦ ᠳᠤ ᠨᠡᠯᠢᠶᠡᠳ ᠶᠡᠭᠡ ᠳᠡᠮᠵᠢᠯᠭᠡ ᠦᠵᠡᠭᠦᠯᠵᠡᠢ᠂ ᠠᠳᠠᠯ ᠦᠢᠯᠡᠰ ᠴᠣᠭᠴᠠᠯᠠᠬᠤ ᠲᠦᠷᠦ ᠶᠢᠨ ᠪᠣᠳᠣᠯᠭ᠎ᠠ ᠶᠢᠨ ᠬᠠᠪᠰᠤᠷᠤᠯᠭ᠎ᠠ ᠶᠢ ᠭᠥᠷᠳᠡᠭᠰᠡᠨ ᠠᠴᠠ ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ ᠨᠢ ᠬᠠᠷᠢᠴᠠᠩᠭᠤᠢ ᠪᠠᠷ ᠨᠡᠯᠢᠶᠡᠳ ᠳᠣᠣᠷ᠎ᠠ ᠪᠠᠶᠢᠳᠠᠭ᠂ ᠡᠨᠡ ᠨᠢ ᠲᠡᠭᠦᠨ ᠤ ᠠᠮᠢᠳᠤᠷᠠᠯ ᠪᠠ ᠠᠵᠢᠯ ᠳᠤ ᠴᠥᠮ ᠮᠠᠰᠢ ᠶᠡᠭᠡ ᠬᠠᠪᠰᠤᠷᠤᠯᠭ᠎ᠠ ᠪᠣᠯᠪᠠ᠂ ᠠᠵᠢᠯᠲᠠᠳ ᠠᠴᠠ ᠲᠡᠭᠦᠨ ᠢ ᠦᠷᠭᠦᠯᠵᠢᠯᠡᠨ ᠲᠡᠮᠡᠴᠡᠵᠦ᠂ ᠵᠠᠯᠠᠭᠤ ᠠᠳᠠᠯ ᠦᠢᠯᠡᠰ ᠴᠣᠭᠴᠠᠯᠠᠭᠴᠢᠳ ᠤᠨ ᠲᠣᠯᠣᠭᠠᠶᠢᠯᠠᠬᠤ ᠵᠢᠱᠢᠶᠡᠴᠢ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠵᠣᠷᠢᠭᠵᠢᠭᠤᠯᠵᠠᠢ᠃      ᠦᠴᠦᠸᠠᠨ ᠰᠢᠶᠠᠨ ᠤ ᠯᠢᠨ ᠶᠢᠨ ᠭᠤᠳᠤᠮᠵᠢ ᠳᠤ ᠰᠠᠭᠤᠭ᠎ᠠ ᠵᠠᠩ ᠰᠢᠨ ᠢ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠠᠵᠢᠯᠲᠠᠳ ᠢ ᠬᠠᠯᠠᠭᠤᠨ ᠢᠶᠠᠷ ᠵᠣᠴᠢᠯᠠᠵᠤ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠢᠮᠠᠭᠲᠠ ᠬᠠᠯᠠᠮᠵᠢᠯᠠᠨ ᠬᠠᠪᠰᠤᠷᠤᠭᠰᠠᠭᠠᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠤᠯᠠᠨ ᠵᠢᠯ ᠤᠨ ᠲᠤᠷᠰᠢ ᠲᠡᠭᠦᠨ ᠤ ᠠᠮᠢᠳᠤᠷᠠᠯ ᠪᠠ ᠠᠵᠢᠯ ᠢ ᠬᠠᠷᠠᠭᠠᠯᠵᠠᠭᠰᠠᠭᠠᠷ ᠢᠷᠡᠭᠰᠡᠨ ᠳᠤ ᠴᠦ ᠲᠠᠯᠠᠷᠬᠠᠵᠤ ᠪᠠᠶᠢᠬᠤ ᠪᠠᠨ ᠢᠯᠡᠳᠬᠡᠪᠡ᠃
     ᠠᠳᠠᠯᠢᠬᠠᠨ ᠢᠶᠠᠷ ᠠᠵᠢᠯ ᠣᠯᠭᠤᠯᠲᠠ ᠪᠠᠷ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠬᠦᠷᠲᠡᠭᠰᠡᠳ ᠲᠤ ᠪᠠᠰᠠ 2014 ᠣᠨ ᠳᠤ ᠳᠠᠷᠤᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠣᠷᠣᠯᠴᠠᠭᠰᠠᠨ ᠰᠠᠷᠠᠨᠭᠤᠸ᠎ᠠ ᠪᠤᠢ᠃      ᠲᠣᠰ ᠤᠳᠠᠭᠠᠨ ᠤ ᠰᠣᠷᠪᠤᠯᠵᠢᠯᠠᠭ᠎ᠠ ᠪᠠ ᠰᠡᠳᠬᠢᠯ ᠤᠨ ᠦᠭᠡ ᠪᠠᠨ ᠶᠠᠷᠢᠯᠴᠠᠬᠤ ᠪᠠᠷ ᠳᠠᠮᠵᠢᠭᠤᠯᠤᠨ᠂ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠠᠵᠢᠯ ᠣᠯᠬᠤ ᠳᠤ ᠬᠦᠴᠢᠷᠲᠡᠢ ᠬᠥᠮᠥᠰ ᠤᠨ ᠭᠡᠷ ᠪᠦᠯᠢ ᠶᠢᠨ ᠪᠠᠶᠢᠳᠠᠯ ᠤᠨ ᠲᠤᠬᠠᠢ ᠣᠶᠢᠯᠠᠭᠠᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠨᠠᠮ ᠪᠠ ᠠᠷᠠᠳ ᠣᠯᠠᠨ ᠤ ᠬᠠᠷᠢᠴᠠᠭ᠎ᠠ ᠶᠢ ᠲᠤᠶᠢᠯ ᠤᠨ ᠶᠡᠭᠡ ᠪᠠᠷ ᠨᠢᠭᠲᠠᠷᠠᠭᠤᠯᠤᠭᠰᠠᠨ ᠪᠥᠭᠡᠳ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠲᠡᠭᠡᠭᠰᠡᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠦᠷᠭᠦᠯᠵᠢᠯᠡᠨ ᠠᠷᠠᠳ ᠲᠦᠮᠡᠨ ᠳᠤ ᠦᠢᠯᠡᠴᠢᠯᠡᠬᠦ ᠪᠠᠷ ᠡᠬᠢᠯᠡᠯᠲᠡ ᠪᠣᠯᠭᠠᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠠᠵᠢᠯ ᠣᠯᠭᠤᠯᠲᠠ ᠶᠢᠨ ᠵᠢᠯᠣᠭᠤᠳᠤᠯᠭ᠎ᠠ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯ ᠣᠯᠬᠤ ᠳᠤ ᠬᠦᠴᠢᠷᠲᠡᠢ ᠬᠥᠮᠥᠰ ᠤᠨ ᠲᠣᠰ ᠪᠡᠶ᠎ᠡ ᠶᠢᠨ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ᠂ ᠪᠣᠳᠠᠲᠠᠢ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠨ᠂ ᠲᠡᠳᠡᠨ ᠢ ᠬᠠᠪᠰᠤᠷᠤᠨ ᠬᠦᠴᠢᠷᠳᠡᠯ ᠠᠴᠠ ᠠᠩᠭᠢᠵᠢᠷᠠᠭᠤᠯᠵᠤ᠂ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠬᠥᠭᠡᠭᠡᠴᠡᠯᠳᠦᠯ ᠢ ᠨᠢ ᠪᠡᠶᠡᠯᠡᠭᠦᠯᠦᠨ᠎ᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号