ᠦᠴᠦᠸᠠᠨ ᠰᠢᠶᠠᠨ ᠴᠠᠭᠠᠨ ᠰᠠᠷ᠎ᠠ ᠶᠢ ᠤᠭᠲᠤᠵᠤ ᠬᠤᠣᠰ ᠤᠶᠠᠩᠭ᠎ᠠ ᠪᠢᠴᠢᠵᠦ ᠵᠥᠩᠨᠡᠯ ᠳᠡᠪᠰᠢᠭᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/4
 ᠯᠣᠣ ᠵᠢᠯ ᠤᠨ ᠴᠠᠭᠠᠨ ᠰᠠᠷ᠎ᠠ ᠪᠣᠯᠬᠤ ᠲᠠᠰᠢᠷᠠᠮ ᠢᠶᠠᠷ᠂ ᠤᠷᠠᠨ ᠪᠢᠴᠢᠯᠭᠡ ᠶᠢᠨ ᠰᠣᠶᠣᠯ ᠢ ᠪᠠᠳᠠᠷᠠᠭᠤᠯᠤᠨ᠂ ᠴᠠᠭᠠᠨ ᠰᠠᠷ᠎ᠠ ᠪᠠ ᠪᠠᠶᠠᠷ ᠤᠨ ᠡᠳᠦᠷ ᠤᠨ ᠠᠭᠤᠷ ᠠᠮᠢᠰᠬᠤᠯ ᠢ ᠨᠡᠮᠡᠭᠳᠡᠭᠦᠯᠵᠦ᠂ ᠦᠴᠦᠸᠠᠨ ᠰᠢᠶᠠᠨ ᠤ ︽ᠨᠠᠮ ᠤᠨ ᠠᠴᠢ ᠶᠢ ᠮᠡᠳᠡᠷᠡᠵᠦ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠠᠯᠢᠭᠵᠢᠭᠤᠯᠬᠤ ᠶᠢᠨ ᠲᠥᠯᠥᠭᠡ᠂ 2024 ᠣᠨ ᠤ 2 ᠰᠠᠷ᠎ᠠ ᠶᠢᠨ 2 ᠤᠨ ᠦᠳᠡ ᠶᠢᠨ ᠡᠮᠦᠨ᠎ᠡ᠂ ᠦᠴᠦᠸᠠᠨ ᠰᠢᠶᠠᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠢᠶᠠᠨ ᠤ ᠤᠳᠬ᠎ᠠ ᠵᠣᠬᠢᠶᠠᠯ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠰᠢᠶᠠᠨ ᠤ ᠰᠣᠶᠣᠯ ᠤᠨ ᠣᠷᠳᠣᠨ᠂ ᠰᠢᠶᠠᠨ ᠤ ᠨᠣᠮ ᠤᠨ ᠰᠠᠩ ᠤᠨ ᠬᠠᠮᠲᠤᠷᠠᠨ ᠡᠷᠬᠢᠯᠡᠭᠰᠡᠨ ︽ᠤᠮᠠᠷᠠᠲᠤ ᠬᠢᠯᠢ ᠶᠢᠨ ᠬᠦᠰᠡᠯ ᠵᠡᠭᠦᠳᠦ ᠪᠠᠨ ᠲᠡᠷᠭᠡᠯᠰᠢᠭᠦᠯᠵᠦ ᠤᠷᠠᠨ ᠪᠢᠴᠢᠯᠭᠡ ᠶᠢᠨ ᠠᠩᠬᠢᠯᠤᠮ᠎ᠠ ᠦᠨᠦᠷ ᠬᠠᠩᠬᠤᠯᠤᠨ᠎ᠠ︾ ᠭᠡᠬᠦ ᠴᠠᠭᠠᠨ ᠰᠠᠷ᠎ᠠ ᠶᠢ ᠤᠭᠲᠤᠵᠤ ᠬᠤᠣᠰ ᠤᠶᠠᠩᠭ᠎ᠠ ᠪᠢᠴᠢᠵᠦ ᠵᠥᠩᠨᠡᠯ ᠳᠡᠪᠰᠢᠭᠦᠯᠬᠦ ᠠᠵᠢᠯᠯᠠᠭ᠎ᠠ ᠥᠷᠨᠢᠭᠦᠯᠪᠡ᠃
 ᠲᠤᠰ ᠤᠳᠠᠭᠠᠨ ᠤ ᠬᠤᠣᠰ ᠤᠶᠠᠩᠭ᠎ᠠ ᠶᠢᠨ ᠤᠷᠠᠨ ᠪᠢᠴᠢᠯᠭᠡ ᠶᠢᠨ ᠠᠵᠢᠯᠯᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ᠂ ᠬᠠᠲᠤᠨ ᠭᠤᠣᠯ ᠤᠨ ᠰᠣᠶᠣᠯ᠂ ᠤᠮᠠᠷᠠᠲᠤ ᠬᠢᠯᠢ ᠶᠢᠨ ᠰᠣᠶᠣᠯ᠂ ᠲᠠᠯ᠎ᠠ ᠨᠤᠲᠤᠭ ᠤᠨ ᠰᠣᠶᠣᠯ ᠵᠡᠷᠭᠡ ᠭᠤᠣᠯ ᠰᠡᠳᠦᠪ ᠤᠨ ᠲᠣᠭᠤᠷᠢᠨ ᠳᠤ᠂ ︽ᠨᠠᠮ ᠤᠨ ᠠᠴᠢ ᠶᠢ ᠮᠡᠳᠡᠷᠡᠵᠦ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠬᠠᠯᠠᠭᠤᠨ ᠰᠡᠳᠬᠢᠯᠭᠡ ᠶᠢ ᠪᠦᠲᠦᠭᠡᠯ ᠢ ᠪᠢᠴᠢᠭᠯᠡᠬᠦ ᠪᠦᠬᠦ ᠶᠠᠪᠤᠴᠠ ᠳᠤ ᠠᠭᠤᠰᠬᠠᠵᠤ᠂ ᠪᠦᠬᠦ ᠰᠢᠶᠠᠨ ᠤ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠲᠣᠭᠤᠷᠢᠨ ᠳᠤ ᠨᠢᠭᠲᠠᠷᠠᠨ ᠪᠦᠯᠬᠦᠮᠳᠡᠬᠦ ᠶᠢ ᠬᠥᠲᠥᠯᠥᠨ ᠳᠠᠭᠠᠭᠤᠯᠵᠤ᠂ ᠡᠬᠡ ᠤᠯᠤᠰ ᠤᠨ ᠬᠢᠯᠢ ᠬᠢᠵᠠᠭᠠᠷ ᠢ ᠬᠠᠮᠲᠤᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠴᠣᠭᠴᠠᠯᠠᠵᠤ᠂ ᠰᠢᠨ᠎ᠡ ᠴᠠᠭ ᠦᠶ᠎ᠡ ᠳᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠰᠢᠨ᠎ᠡ ᠠᠮᠵᠢᠯᠲᠠ ᠪᠦᠲᠦᠮᠵᠢ ᠶᠢ ᠦᠷᠭᠦᠯᠵᠢᠯᠡᠨ ᠡᠭᠦᠳᠬᠦ ᠶᠢ ᠬᠥᠲᠥᠯᠥᠨ ᠳᠠᠭᠠᠭᠤᠯᠪᠠ᠃  ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠷᠠᠨ ᠪᠢᠴᠢᠯᠭᠡ ᠳᠤ ᠪᠠᠭ᠋ᠠᠲᠠᠢ ᠬᠥᠮᠥᠰ ᠲᠡᠷᠢ ᠲᠡᠭᠰᠢ᠂ ᠢᠳᠡ ᠬᠦᠴᠦᠲᠡᠢ ᠬᠤᠣᠰ ᠤᠶᠠᠩᠭ᠎ᠠ ᠪᠢᠴᠢᠵᠦ᠂ 200 ᠬᠤᠣᠰ ᠤᠶᠠᠩᠭ᠎ᠠ ᠪᠣᠯᠣᠨ ᠪᠤᠶᠠᠨ ᠦᠰᠦᠭ ᠢ ᠤᠯᠠᠨ ᠲᠦᠮᠡᠨ ᠳᠤ ᠬᠦᠷᠭᠡᠵᠦ᠂ ᠴᠠᠭᠠᠨ ᠰᠠᠷ᠎ᠠ ᠶᠢᠨ ᠵᠥᠩᠨᠡᠯ ᠪᠣᠯᠣᠨ ᠰᠠᠶᠢᠨ ᠰᠠᠶᠢᠬᠠᠨ ᠪᠡᠯᠭᠡᠳᠡᠯ ᠶᠢ ᠭᠦᠢᠴᠡᠳ ᠢᠯᠡᠳᠬᠡᠪᠡ᠃   ᠴᠠᠭᠠᠨ ᠰᠠᠷ᠎ᠠ ᠶᠢᠨ ᠪᠠᠶᠠᠷ ᠢ ᠤᠭᠲᠤᠵᠤ ᠴᠠᠭᠠᠨ ᠰᠠᠷ᠎ᠠ ᠶᠢᠨ ᠬᠤᠣᠰ ᠤᠶᠠᠩᠭ᠎ᠠ ᠪᠢᠴᠢᠵᠦ ᠵᠥᠩᠨᠡᠯ ᠳᠡᠪᠰᠢᠭᠦᠯᠬᠦ ᠠᠵᠢᠯᠯᠠᠭ᠎ᠠ ᠨᠢ ᠺᠠᠳ᠋ᠷ ᠣᠯᠠᠨ ᠲᠦᠮᠡᠨ ᠳᠤ ᠴᠠᠭᠠᠨ ᠰᠠᠷ᠎ᠠ᠂ ᠤᠷᠠᠨ ᠪᠢᠴᠢᠯᠭᠡ ᠵᠡᠷᠭᠡ ᠳᠤᠮᠳᠠᠳᠤ ᠤᠯᠤᠰ ᠤᠨ ᠰᠣᠶᠣᠯ ᠤᠨ ᠷᠢᠳᠢ ᠰᠢᠳᠢ ᠶᠢ ᠮᠡᠳᠡᠷᠡᠭᠦᠯᠵᠦ᠂ ᠪᠠᠶᠠᠷ ᠬᠥᠷ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠶ ᠪᠣᠯᠭᠠᠭᠰᠠᠨ ᠢᠶᠠᠷ ᠪᠠᠷᠠᠬᠤ ᠦᠭᠡᠢ ᠪᠠᠰᠠ ᠺᠠᠳ᠋ᠷ ᠣᠯᠠᠨ ᠲᠦᠮᠡᠨ ᠳᠤ ᠨᠠᠮ ᠤᠨ ᠬᠠᠶᠢᠷ᠎ᠠ ᠬᠠᠯᠠᠮᠵᠢ  ᠶᠢ ᠳᠠᠮᠵᠢᠭᠤᠯᠪᠠ᠃  ᠴᠠᠭᠠᠨ ᠰᠠᠷ᠎ᠠ ᠨᠢ ︽ᠮᠠᠨ ᠤ ᠪᠠᠶᠠᠷ ᠤᠨ ᠡᠳᠦᠷ︾ ᠪᠣᠯᠤᠭᠰᠠᠨ ᠤ ᠬᠤᠪᠢ ᠳᠤ ᠮᠠᠨ ᠤ ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ ᠤᠨ ᠣᠬᠢ ᠰᠣᠳᠣ ᠶᠢ ᠲᠥᠯᠥᠭᠡᠯᠡᠵᠦ ᠪᠠᠶᠢᠳᠠᠭ︔ ᠲᠤᠰ ᠤᠳᠠᠭᠠᠨ ᠤ ᠠᠵᠢᠯᠯᠠᠭ᠎ᠠ ᠨᠢ ᠴᠠᠭᠠᠨ ᠰᠠᠷ᠎ᠠ ᠶᠢᠨ ᠬᠤᠣᠰ ᠤᠶᠠᠩᠭ᠎ᠠ ᠬᠦᠷᠭᠡᠬᠦ ᠪᠠᠷ ᠠᠴᠢᠶᠠᠯᠠᠪᠤᠷᠢ ᠪᠣᠯᠭᠠᠵᠤ᠂ ᠪᠠᠶᠠᠯᠢᠭ ᠰᠠᠶᠢᠬᠠᠨ ᠰᠣᠶᠣᠯ ᠤᠨ ᠠᠭᠤᠯᠭ᠎ᠠ ᠪᠠᠨ ᠠᠮᠢᠳᠤᠷᠠᠯ ᠳᠤ ᠣᠶᠢᠷᠠᠲᠤᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠭᠰᠠᠨ ᠢᠶᠠᠷ ᠪᠠᠷᠠᠬᠤ ᠦᠭᠡᠢ᠂ ᠪᠠᠰᠠ ᠠᠷᠠᠳ ᠤᠯᠠᠨ ᠤ ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠰᠠᠶᠢᠨ ᠰᠠᠶᠢᠬᠠᠨ ᠰᠣᠶᠣᠯ ᠤᠨ ᠠᠭᠤᠷ ᠠᠮᠢᠰᠬᠤᠯ ᠪᠣᠯᠣᠨ ᠪᠠᠶᠠᠷ ᠪᠠᠶᠠᠰᠬᠤᠯᠠᠩ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠦᠷᠭᠦᠯᠵᠢᠯᠡᠨ ᠨᠡᠮᠡᠭᠳᠡᠭᠦᠯᠵᠦ᠂ ᠠᠷᠠᠳ ᠤᠯᠠᠨ ᠤ ᠦᠨᠦᠷ ᠠᠮᠲᠠ ᠶᠢ ᠠᠳᠠᠯᠢ ᠪᠤᠰᠤ ︽ᠰᠣᠶᠣᠯ ᠤᠨ ᠰᠢᠨ᠎ᠡ ᠵᠢᠯ ᠤᠨ ᠦᠨᠦᠷ ᠠᠮᠲᠠ︾ ᠪᠣᠯᠭᠠᠵᠤ᠂ ᠨᠡᠩ ᠴᠤ ᠪᠠᠶᠠᠷ ᠤᠨ ᠡᠳᠦᠷ ᠤᠨ ᠬᠠᠯᠠᠭᠤᠨ ᠳᠤᠯᠠᠭᠠᠨ ᠢ ᠤᠯᠠᠨ ᠤ ᠰᠡᠳᠬᠢᠯ ᠳᠤ ᠳᠠᠮᠵᠢᠭᠤᠯᠵᠤ᠂ ᠤᠳᠠᠯ ᠦᠭᠡᠢ ᠬᠦᠷᠴᠦ ᠢᠷᠡᠬᠦ ᠴᠠᠭᠠᠨ ᠰᠠᠷ᠎ᠠ ᠳᠤ ᠭᠦᠨ ᠵᠤᠵᠠᠭᠠᠨ ᠪᠠᠶᠠᠷ ᠤᠨ ᠠᠭᠤᠷ ᠠᠮᠢᠰᠬᠤᠯ ᠢ ᠨᠡᠮᠡᠷᠢᠯᠡᠭᠰᠡᠨ ᠪᠠᠶᠢᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号