2024 ᠣᠨ ᠤ ᠦᠴᠦᠸᠠᠨ ᠰᠢᠶᠠᠨ ᠤ ᠴᠠᠭᠠᠨ ᠰᠠᠷ᠎ᠠ ᠶᠢᠨ ᠦᠳᠡᠰᠢᠯᠡᠭᠡ ᠶᠢ ᠠᠮᠵᠢᠯᠲᠠ ᠲᠠᠢ ᠡᠷᠬᠢᠯᠡᠪᠡ
ᠨᠡᠶᠢᠲᠡᠯᠡᠭᠰᠡᠨ ᠴᠠᠭ᠄
2024/2/4
     2 ᠰᠠᠷ᠎ᠠ ᠶᠢᠨ 1  ᠤ ᠡᠳᠦᠷ᠂ ᠦᠴᠦᠸᠠᠨ ᠰᠢᠶᠠᠨ ᠤ ᠴᠢᠩ ᠱᠠᠨ ᠤᠷᠠᠨ ᠰᠠᠶᠢᠬᠠᠨ ᠤ ᠲᠣᠭᠯᠠᠯᠲᠠ ᠶᠢᠨ ᠲᠠᠯᠠᠪᠠᠢ ᠳᠤ ᠳ᠋ᠧᠩ ᠳᠤᠸᠠᠯᠠᠵᠤ᠂ ᠬᠡᠷᠡᠯ ᠭᠢᠯᠪᠠᠭ᠎ᠠ ᠰᠠᠴᠤᠷᠠᠵᠤ᠂ ᠭᠠᠵᠠᠷ ᠪᠣᠯᠭᠠᠨ ᠳᠤ ᠪᠠᠶᠠᠷ ᠬᠦᠷ ᠪᠠᠶᠠᠷ ᠪᠠᠶᠠᠰᠬᠤᠯᠠᠩ ᠤᠨ ᠠᠭᠤᠷ ᠠᠮᠢᠰᠬᠤᠯ ᠢᠶᠠᠷ ᠪᠢᠯᠬᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠨᠠᠮ ᠤᠨ ᠬᠤᠷᠢᠶ᠎ᠠ᠂ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠳᠠᠭᠠᠭᠠᠴᠢᠯᠠᠨ ᠡᠷᠬᠢᠯᠡᠭᠰᠡᠨ 2024 ᠣᠨ ᠤ ᠦᠴᠦᠸᠠᠨ ᠰᠢᠶᠠᠨ ᠤ ᠴᠠᠭᠠᠨ ᠰᠠᠷ᠎ᠠ ᠶᠢᠨ ᠦᠳᠡᠰᠢᠯᠡᠭᠡ ᠦᠴᠦᠸᠠᠨ ᠰᠢᠶᠠᠨ ᠤ ᠴᠢᠩ ᠱᠠᠨ ᠲᠣᠭᠯᠠᠯᠲᠠ ᠶᠢᠨ ᠲᠠᠯᠠᠪᠠᠢ ᠳᠤ ᠭᠤᠶᠢᠳᠠ ᠰᠠᠶᠢᠬᠠᠨ ᠲᠣᠭᠯᠠᠪᠠ᠃
     ᠲᠤᠰ ᠤᠳᠠᠭ᠎ᠠ ᠶᠢᠨ ᠦᠳᠡᠰᠢᠯᠡᠭᠡ ᠨᠢ ᠤᠯᠠᠮᠵᠢᠯᠠᠯᠲᠤ ᠰᠢᠨ᠎ᠡ ᠵᠢᠯ ᠤᠨ ᠣᠨᠴᠠᠯᠢᠭ ᠢᠶᠠᠨ ᠦᠷᠭᠦᠯᠵᠢᠯᠡᠭᠦᠯᠬᠦ ᠶᠢᠨ ᠬᠠᠮᠲᠤ ᠰᠢᠨ᠎ᠡ ᠶᠢ ᠡᠭᠦᠳᠬᠦ ᠪᠠᠷ ᠰᠢᠪᠲᠤᠯᠤᠯᠲᠠ ᠬᠢᠵᠦ᠂ ᠢᠨᠲ᠋ᠧᠷ ᠰᠦᠯᠵᠢᠶᠡᠨ ᠤ ᠲᠠᠪᠴᠠᠩ ᠢᠶᠠᠷ ᠳᠠᠮᠵᠢᠭᠤᠯᠤᠨ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠬᠢᠪᠡ᠂ ᠳᠠᠭᠤᠤ ᠪᠥᠵᠢᠭ᠂ ᠨᠠᠶᠢᠷᠠᠯ ᠬᠥᠭᠵᠢᠮ᠂ ᠤᠳᠤ ᠦᠶ᠎ᠡ ᠶᠢᠨ ᠪᠥᠵᠢᠭ᠂ ᠬᠤᠶᠠᠷ ᠬᠥᠮᠥᠨ ᠤ ᠨᠠᠶᠢᠷᠠᠯ ᠳᠠᠭᠤᠤ᠂ ᠰᠢᠯᠦᠭ ᠤᠶᠠᠩᠭᠠᠯᠠᠯ᠂ ᠤᠯᠠᠮᠵᠢᠯᠠᠯᠲᠤ ᠪᠠᠭ᠎ᠠ ᠵᠦᠴᠦᠭᠡ ᠵᠡᠷᠭᠡ ᠲᠣᠭᠯᠠᠯᠲᠠ ᠨᠢ ᠪᠠᠶᠠᠯᠢᠭ ᠰᠠᠶᠢᠬᠠᠨ ᠬᠡᠯᠪᠡᠷᠢ ᠲᠠᠢ ᠪᠠᠶᠢᠵᠤ᠂ ᠪᠠᠶᠠᠷ ᠪᠠᠶᠠᠰᠬᠤᠯᠠᠩ ᠲᠠᠢ ᠴᠠᠭᠠᠨ ᠰᠠᠷ᠎ᠠ ᠶᠢᠨ ᠠᠭᠤᠷ ᠠᠮᠢᠰᠬᠤᠯ ᠤᠨ ᠳᠤᠮᠳᠠ ᠮᠠᠨ ᠤ ᠰᠢᠶᠠᠨ ᠤ ᠤᠯᠠᠨ ᠲᠦᠮᠡᠨ ᠳᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ᠂ ᠢᠷᠦᠭᠡᠯ ᠳᠦᠭᠦᠷᠡᠩ ᠰᠣᠶᠣᠯ ᠤᠨ ᠦᠪᠡᠳᠡᠭᠰᠢ ᠨᠠᠶᠢᠷ ᠢ ᠡᠷᠭᠦᠨ ᠳᠡᠪᠰᠢᠭᠦᠯᠪᠡ᠃
     ᠦᠳᠡᠰᠢᠯᠡᠭᠡ ᠨᠢ ᠡᠬᠢᠯᠡᠯᠲᠡ ᠶᠢᠨ ᠪᠥᠵᠢᠭ ︽ᠯᠤᠤᠲᠤ ᠪᠥᠵᠢᠭ︾ ᠤᠨ ᠪᠠᠶᠠᠷ ᠪᠠᠶᠠᠰᠬᠤᠯᠠᠩ ᠠᠶᠠᠰ ᠤᠨ ᠳᠤᠮᠳᠠ ᠬᠥᠰᠢᠭᠡ ᠪᠠᠨ ᠰᠡᠬᠦᠪᠡ᠃ ᠪᠥᠵᠢᠭᠴᠢᠨ ᠰᠠᠵᠢᠯᠠᠬᠤ᠂ ᠰᠢᠳᠡᠬᠦ᠂ ᠣᠷᠬᠢᠬᠤ᠂ ᠬᠤᠷᠢᠶᠠᠬᠤ᠂ ᠤᠷᠪᠠᠭᠤᠯᠬᠤ ᠵᠡᠷᠭᠡ ᠬᠥᠳᠡᠯᠦᠯ ᠢᠶᠠᠷ ᠭᠠᠷ ᠲᠠᠬᠢ ᠤᠷᠲᠤ ᠬᠠᠨᠴᠤᠢ ᠪᠠᠨ ︽ᠮᠠᠨᠳᠠᠷᠠᠸ᠎ᠠ ᠶᠢᠨ ᠪᠠᠳᠠᠷᠠᠨ ᠳᠡᠯᠭᠡᠷᠡᠭᠰᠡᠨ ᠵᠢᠷᠤᠭ︾ ᠪᠣᠯᠭᠠᠨ ᠪᠥᠵᠢᠭᠯᠡᠵᠦ᠂ ᠤᠷᠲᠤ ᠬᠠᠨᠴᠤᠢ ᠨᠢ ᠠᠶᠢᠵᠠᠮ ᠴᠣᠬᠢᠯᠭ᠎ᠠ ᠶᠢᠨ ᠮᠡᠳᠡᠷᠡᠮᠵᠢ ᠪᠠ ᠳᠦᠷᠰᠦ ᠪᠦᠲᠦᠭᠡᠯᠲᠡ ᠶᠢᠨ ᠮᠡᠳᠡᠷᠡᠮᠵᠢ ᠪᠠᠷ ᠮᠠᠰᠢ ᠪᠠᠶᠠᠯᠢᠭ ᠪᠠᠶᠢᠨ᠎ᠠ᠃
     ᠳᠠᠭᠤᠤ ︽ᠤᠮᠠᠷᠠᠲᠤ ᠬᠢᠯᠢ · ᠦᠴᠦᠸᠠᠨ ᠤ ᠰᠠᠭᠤᠭᠳᠠᠯ︾ ᠳᠤ ᠢᠷᠠᠭᠤ ᠰᠠᠶᠢᠬᠠᠨ ᠬᠥᠭ ᠠᠶᠠᠰ ᠢ ᠰᠣᠨᠢᠷᠬᠠᠵᠤ ᠴᠢᠳᠠᠬᠤ ᠪᠠᠷ ᠪᠠᠷᠠᠬᠤ ᠦᠭᠡᠢ᠂ ᠪᠠᠰᠠ ᠲᠣᠮᠣ ᠳᠡᠯᠭᠡᠴᠡ ᠠᠴᠠ ᠰᠢᠨ᠎ᠡ ᠴᠠᠭ ᠦᠶ᠎ᠡ ᠶᠢᠨ ᠦᠴᠦᠸᠠᠨ ᠰᠢᠶᠠᠨ ᠤ ᠬᠥᠭᠵᠢᠯᠲᠡ ᠶᠢᠨ ᠦᠷ᠎ᠡ ᠪᠦᠲᠦᠭᠡᠯ ᠢ ᠰᠣᠨᠢᠷᠬᠠᠵᠤ᠂ ᠠᠮᠢ ᠠᠬᠤᠢ ᠭᠤᠶᠣ᠂ ᠠᠵᠤ ᠦᠢᠯᠡᠰ ᠰᠢᠯᠢᠳᠡᠭ᠂ ᠰᠣᠶᠣᠯ ᠬᠥᠭᠵᠢᠨ ᠪᠠᠳᠠᠷᠠᠭᠰᠠᠨ᠂ ᠠᠷᠠᠳ ᠢᠷᠭᠡᠳ ᠪᠠᠶᠠᠨ ᠴᠢᠨᠡᠭᠡᠯᠢᠭ ᠪᠠᠶᠢᠵᠤ᠂ ᠪᠥᠬᠦ ᠰᠢᠶᠠᠨ ᠤ ᠠᠷᠠᠳ ᠲᠦᠮᠡᠨ ᠤ ︽ᠰᠢᠷᠭᠠᠭᠤ ᠬᠠᠲᠠᠭᠤᠵᠢᠯᠲᠠᠢ ᠠᠵᠢᠯᠯᠠᠵᠤ᠂ ᠦᠨᠡᠨ ᠬᠦ ᠠᠳᠬᠤᠵᠤ ᠪᠣᠳᠠᠲᠠᠢ ᠠᠵᠢᠯᠯᠠᠬᠤ︾ ᠣᠶᠤᠨ ᠰᠠᠨᠠᠭᠠᠨ ᠤ ᠳᠦᠷᠰᠦ ᠪᠠᠶᠢᠳᠠᠯ ᠪᠠ ᠣᠮᠤᠭ ᠲᠡᠭᠦᠯᠳᠡᠷ ᠣᠷᠭᠢᠯᠤᠮ᠎ᠠ ᠰᠡᠳᠬᠢᠯᠭᠡ ᠶᠢ ᠭᠦᠢᠴᠡᠳ ᠢᠯᠡᠷᠡᠭᠦᠯᠦᠭᠰᠡᠨ᠃
     ᠳᠠᠭᠤᠤ ᠪᠥᠵᠢᠭ ᠤᠨ ᠲᠣᠭᠯᠠᠯᠲᠠ ︽ᠪᠣᠳᠠᠰ ᠤᠨ ᠪᠤᠰᠤ ᠰᠣᠶᠣᠯ ᠤᠨ ᠥᠪ ᠤᠨ ᠦᠪᠡᠳᠡᠭᠰᠢ ᠦᠵᠡᠮᠵᠢ︾ ᠨᠢ ᠳᠠᠭᠤᠤ ᠪᠥᠵᠢᠭ᠂ ᠬᠤᠳᠠ ᠶᠢᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠦᠷᠦᠯ ᠵᠦᠢᠯ ᠤᠨ ᠦᠴᠦᠸᠠᠨ ᠤ ᠰᠡᠶᠢᠯᠦᠮᠡᠯ ᠴᠠᠭᠠᠰᠤ ᠪᠣᠯᠣᠨ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠶᠤᠤᠮᠠᠢ ᠶᠢᠨ ᠭᠤᠯᠢᠷ ᠢ ᠦᠢᠯᠡᠳᠬᠦ ᠶᠢ ᠠᠭᠤᠰᠤᠯᠴᠠᠭᠤᠯᠤᠨ᠂ ᠦᠴᠦᠸᠠᠨ ᠤ ᠪᠣᠳᠠᠰ ᠤᠨ ᠪᠤᠰᠤ ᠰᠣᠶᠣᠯ ᠤᠨ ᠥᠪ ᠤᠨ ᠥᠪᠡᠷᠮᠢᠴᠡ ᠷᠢᠳᠢ ᠰᠢᠳᠢ ᠶᠢ ᠤᠯᠠᠨ ᠬᠠᠷᠠᠭᠠᠰᠤ ᠤᠯᠠᠨ ᠳᠡᠰ ᠳᠠᠪᠬᠤᠷᠭ᠎ᠠ ᠪᠠᠷ ᠢᠯᠡᠷᠡᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠪᠠ᠃
     ᠬᠤᠶᠠᠷ ᠬᠦᠮᠦᠨ ᠤ ᠡᠯᠭᠦᠴᠡᠭᠡ ︽ᠰᠢᠨ᠎ᠡ ᠠᠶᠠᠨ ᠵᠠᠮ ᠳᠠᠭᠠᠨ ᠤᠷᠤᠭᠰᠢᠯᠠᠶ᠎ᠠ︾ ᠭᠡᠬᠦ ᠨᠠᠶᠢᠷᠠᠯ ᠳᠠᠭᠤᠤ ᠨᠢ ᠰᠦᠷ ᠳᠠᠯᠠᠶᠢᠴᠠᠲᠠᠢ ᠪᠠᠶᠢᠵᠤ᠂ ᠬᠥᠮᠥᠰ ᠤᠨ ᠰᠡᠳᠬᠢᠯ ᠢ ᠳᠣᠭᠳᠣᠯᠤᠭᠤᠯᠵᠤ᠂ ᠢᠳᠡᠪᠬᠢ ᠬᠦᠴᠦᠨ ᠢᠶᠠᠷ ᠪᠢᠯᠬᠠᠵᠤ᠂ ᠦᠴᠦᠸᠠᠨ ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠠᠮ ᠲᠠᠢ ᠪᠠᠨ ᠰᠡᠳᠬᠢᠯ ᠢᠶᠠᠨ ᠨᠢᠭᠡᠳᠬᠡᠵᠦ᠂ ᠡᠬᠡ ᠤᠯᠤᠰ ᠲᠠᠢ ᠪᠠᠨ ᠬᠠᠮᠲᠤ ᠤᠷᠤᠭᠰᠢᠯᠠᠵᠤ᠂ ᠴᠠᠭ ᠦᠶ᠎ᠡ ᠲᠠᠢ ᠬᠠᠮᠲᠤᠪᠠᠷ ᠤᠷᠤᠭᠰᠢᠯᠠᠬᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠢᠯᠡᠳᠬᠡᠪᠡ᠃
     ︽ᠳᠠᠯᠠᠨ ᠬᠠᠷ᠎ᠠ ᠠᠭᠤᠯᠠ ᠶᠢᠨ ᠭᠤᠷᠪᠠᠨ ᠳᠠᠭᠤ︾ ᠤᠨ ︽ᠳᠠᠯᠠᠨ ᠬᠠᠷ᠎ᠠ ᠠᠭᠤᠯᠠ ᠶᠢᠨ ᠢᠳᠡᠷᠡᠭᠦᠨ ᠨᠠᠷᠠᠰᠤ︾  ᠶᠢᠨ ᠰᠣᠩᠭᠤᠮᠠᠯ ᠬᠡᠰᠡᠭ ᠪᠣᠯ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠦᠴᠦᠸᠠᠨ ᠰᠢᠶᠠᠨ ᠤ ᠪᠦᠬᠦ ᠤᠯᠤᠰ ᠤᠨ ᠨᠣᠭᠤᠭᠠᠷᠠᠭᠤᠯᠤᠯᠲᠠ ᠶᠢᠨ ᠱᠠᠩᠨᠠᠯ ᠤᠨ ᠲᠡᠮᠳᠡᠭ᠂ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠵᠢᠶᠠ ᠳ᠋ᠧᠩ ᠺᠧ ᠪᠠᠷ ᠠᠷᠤ ᠦᠵᠡᠭᠳᠡᠯ ᠪᠣᠯᠭᠠᠵᠤ᠂ ᠲᠠᠶᠢᠰᠠᠨ ᠤ ᠤᠷᠠᠯᠢᠭ ᠤᠨ ᠬᠡᠯᠪᠡᠷᠢ ᠪᠠᠷ ᠬᠡᠳᠦᠨ ᠠᠷᠪᠠᠨ ᠵᠢᠯ ᠢ ᠨᠢᠭᠡ ᠯᠡ ᠡᠳᠦᠷ ᠮᠡᠲᠦ ᠪᠠᠷ ᠮᠣᠳᠣ ᠲᠠᠷᠢᠵᠤ ᠣᠶᠢᠵᠢᠭᠤᠯᠤᠭᠰᠠᠨ᠂ ᠨᠣᠭᠤᠭᠠᠷᠠᠭᠤᠯᠤᠯᠲᠠ ᠳᠤ ᠣᠷᠣᠯᠴᠠᠭᠰᠠᠨ ᠲᠡᠷᠢᠭᠦᠨ ᠤ ᠦᠢᠯᠡ ᠠᠵᠢᠯᠯᠠᠭ᠎ᠠ ᠶᠢ ᠢᠯᠡᠷᠡᠭᠦᠯᠪᠡ᠃
     ᠦᠳᠡᠰᠢᠯᠡᠭᠡ ᠶᠢᠨ ᠭᠤᠣᠯ ᠰᠡᠳᠦᠪ ᠪᠣᠯᠭᠠᠭᠰᠠᠨ ᠵᠦᠴᠦᠭᠡ ︽ᠶᠡᠭᠡ ᠳᠤᠮᠳᠠᠳᠤ ᠤᠯᠤᠰ︾ ᠢ ᠦᠴᠦᠸᠠᠨ ᠰᠢᠶᠠᠨ ᠤ ᠬᠤᠰᠢᠭᠤᠴᠢ ᠨᠡᠶᠢᠭᠡᠮᠯᠢᠭ ᠤᠨ ᠵᠢᠶᠠᠽᠢ ᠬᠡᠩᠭᠡᠷᠭᠡ ︽ᠪᠢᠴᠢᠬᠠᠨ ᠬᠥᠭᠵᠢᠮᠴᠢᠨ︾ ᠪᠣᠯᠣᠨ ᠤᠯᠠᠭᠠᠨᠮᠥ᠋ᠴᠢᠷ ᠤᠨ ᠳᠠᠭᠤᠴᠢᠳ ᠬᠠᠮᠲᠤᠪᠠᠷ ᠲᠣᠭᠯᠠᠵᠤ᠂ ᠬᠡᠩᠭᠡᠷᠭᠡ ᠶᠢᠨ ᠲᠠᠭᠤᠨ ᠪᠣᠯᠣᠨ ᠳᠠᠭᠤᠤ ᠶᠢᠨ ᠠᠶᠠᠰ ᠲᠡᠭᠦᠰ ᠰᠠᠶᠢᠬᠠᠨ ᠠᠭᠤᠰᠤᠯᠴᠠᠵᠤ᠂ ᠬᠦᠴᠦᠨ ᠲᠡᠭᠦᠯᠳᠡᠷ ᠪᠠᠶᠢᠵᠤ᠂ ᠡᠬᠡ ᠤᠯᠤᠰ ᠲᠠᠭᠠᠨ ᠬᠠᠨᠳᠤᠭᠤᠯᠤᠭᠰᠠᠨ ᠭᠦᠨ ᠵᠤᠵᠠᠭᠠᠨ ᠬᠠᠶᠢᠷ᠎ᠠ ᠰᠡᠳᠬᠢᠯᠭᠡ ᠪᠣᠯᠣᠨ ᠡᠷᠬᠢᠮ ᠳᠡᠭᠡᠳᠦ ᠬᠦᠨᠳᠦᠳᠬᠡᠯ ᠤᠨ ᠰᠡᠳᠬᠢᠯᠭᠡ ᠶᠢ ᠳᠠᠮᠵᠢᠭᠤᠯᠪᠠ᠃ ᠨᠠᠶᠢᠷᠠᠯ ᠳᠠᠭᠤᠤ ︽ᠠᠶᠠᠯᠠᠯ ᠤᠨ ᠵᠠᠮᠴᠢᠯᠠᠭ᠎ᠠ︾ ᠶᠢᠨ ᠬᠠᠩᠭᠢᠨᠠᠮ᠎ᠠ ᠬᠦᠭ ᠠᠶᠠᠰ ᠢ ᠳᠠᠭᠠᠯᠳᠤᠨ᠂ ᠦᠳᠡᠰᠢᠯᠡᠭᠡ ᠥᠨᠳᠥᠷᠯᠡᠪᠡ᠃      ᠪᠦᠬᠦ᠋ᠢᠯᠡ ᠦᠳᠡᠰᠢᠯᠡᠭᠡ ᠨᠢ ᠭᠤᠶᠢᠳᠠ ᠰᠠᠶᠢᠬᠠᠨ ᠲᠣᠭᠯᠠᠯᠲᠠ ᠪᠠᠷ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠪᠠ᠂ ᠦᠳᠡᠰᠢᠯᠡᠭᠡ ᠨᠢ ᠦᠴᠦᠸᠠᠨ ᠰᠢᠶᠠᠨ ᠤ ᠰᠢᠨ᠎ᠡ ᠳᠦᠷᠰᠦ ᠪᠠᠶᠢᠳᠠᠯ᠂ ᠡᠯ᠎ᠡ ᠠᠵᠢᠯ ᠲᠥᠷᠥᠯ ᠤᠨ ᠬᠢᠨ ᠤ ᠴᠣᠯᠭᠤᠷᠠᠨ ᠭᠠᠷᠤᠭᠰᠠᠨ ᠰᠢᠨ᠎ᠡ ᠬᠥᠮᠥᠨ ᠰᠢᠨ᠎ᠡ ᠶᠠᠪᠤᠳᠠᠯ᠂ ᠰᠢᠨ᠎ᠡ ᠬᠡᠪ ᠰᠤᠷᠲᠠᠯ ᠢ ᠳᠡᠯᠭᠡᠨ ᠦᠵᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠠᠵᠤ ᠠᠬᠤᠢ ᠬᠥᠭᠵᠢᠭᠰᠡᠨ᠂ ᠨᠡᠶᠢᠭᠡᠮ ᠠᠮᠤᠷ ᠲᠣᠭᠲᠠᠭᠤᠨ᠂ ᠡᠳ᠋ ᠪᠣᠳᠠᠰ ᠡᠯᠪᠡᠭ ᠳᠡᠯᠪᠡᠭ᠂ ᠠᠷᠠᠳ ᠲᠦᠮᠡᠨ ᠪᠦᠯᠬᠦᠮᠳᠡᠭᠰᠡᠨ ᠦᠵᠡᠰᠬᠦᠯᠡᠩᠲᠦ ᠰᠠᠶᠢᠬᠠᠨ ᠵᠢᠷᠤᠭ ᠢ ᠳᠡᠯᠭᠡᠨ ᠦᠵᠡᠭᠦᠯᠵᠦ᠂ ᠪᠦᠬᠦ ᠰᠢᠶᠠᠨ ᠤ ᠠᠷᠠᠳ ᠲᠦᠮᠡᠨ ᠳᠤ ᠪᠠᠶᠠᠷ ᠬᠥᠷ ᠲᠠᠢ ᠥᠯᠵᠡᠢ ᠪᠡᠯᠭᠡ ᠲᠠᠢ ᠴᠠᠭᠠᠨ ᠰᠠᠷ᠎ᠠ ᠶᠢᠨ ᠠᠭᠤᠷ ᠠᠮᠢᠰᠬᠤᠯ ᠢ ᠨᠡᠮᠡᠷᠢᠯᠡᠭᠰᠡᠨ ᠪᠠᠶᠢᠨ᠎ᠠ᠃ ︵ᠰᠤᠷᠪᠤᠯᠵᠢᠯᠠᠭᠴᠢ᠄ ᠯᠢᠦ ᠪᠠᠢ ᠢᠦᠢ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号