ᠦᠴᠦᠸᠠᠨ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ︽ᠬᠠᠶᠢᠷ᠎ᠠ ᠪᠠᠨ ᠭᠡᠷ ᠲᠡᠭᠡᠨ ᠠᠪᠠᠴᠢᠨ᠎ᠠ ︱ ᠬᠡᠦᠬᠡᠳ ᠤᠨ ᠰᠡᠳᠬᠢᠯ ᠢ ᠳᠤᠯᠠᠭᠠᠴᠠᠭᠤᠯᠵᠤ ᠦᠰᠦᠨ ᠪᠤᠶᠢᠵᠢᠯᠲᠠ ᠶᠢ ᠨᠢ ᠬᠠᠮᠠᠭᠠᠯᠠᠶ᠎ᠠ︾ ᠭᠡᠬᠦ ᠡᠪᠦᠯ ᠤᠨ ᠠᠮᠠᠷᠠᠯᠲᠠ ᠶᠢᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/4
     2 ᠰᠠᠷ᠎ᠠ ᠶᠢᠨ 1 ᠤ ᠡᠳᠦᠷ᠂ ᠦᠴᠦᠸᠠᠨ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠬᠥᠬᠡ ᠡᠷᠭᠢ ᠪᠠᠯᠭᠠᠰᠤᠨ ᠤ ᠪᠢᠨ ᠾᠧ ᠨᠡᠶᠢᠭᠡᠮ ᠲᠣᠭᠤᠷᠢᠭ ᠲᠠᠢ ᠬᠠᠮᠲᠤᠷᠠᠨ ︽ᠬᠠᠶᠢᠷ᠎ᠠ ᠪᠠᠨ ᠭᠡᠷ ᠲᠡᠭᠡᠨ ᠠᠪᠠᠴᠢᠨ᠎ᠠ ︱ ᠬᠡᠦᠬᠡᠳ ᠤᠨ ᠰᠡᠳᠬᠢᠯ ᠢ ᠳᠤᠯᠠᠭᠠᠴᠠᠭᠤᠯᠵᠤ ᠦᠰᠦᠨ ᠪᠤᠶᠢᠵᠢᠯᠲᠠ ᠶᠢ ᠨᠢ ᠬᠠᠮᠠᠭᠠᠯᠠᠶ᠎ᠠ︾ ᠭᠡᠬᠦ ᠡᠪᠦᠯ ᠤᠨ ᠠᠮᠠᠷᠠᠯᠲᠠ ᠶᠢᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠡᠪᠦᠯ ᠤᠨ ᠠᠮᠠᠷᠠᠯᠲᠠ ᠶᠢ ᠠᠰᠢᠭᠯᠠᠨ ᠬᠡᠦᠬᠡᠳ ᠤᠳ ᠲᠤ ᠬᠠᠶᠢᠷ᠎ᠠ ᠬᠠᠯᠠᠮᠵᠢ ᠪᠠ ᠬᠠᠨᠢ ᠬᠦᠷᠭᠡᠨ ᠥᠭᠴᠦ᠂ ᠬᠡᠦᠬᠡᠳ ᠤᠳ ᠢ ᠠᠮᠤᠷ ᠲᠦᠪᠰᠢᠨ ᠡᠷᠡᠭᠦᠯ ᠡᠩᠬᠡ᠂ ᠬᠠᠯᠠᠭᠤᠨ ᠳᠤᠯᠠᠭᠠᠨ ᠥᠯᠵᠡᠢ ᠪᠡᠯᠭᠡ ᠲᠠᠢ ᠪᠠᠶᠠᠷ ᠬᠥᠷ ᠲᠠᠢ ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠦᠯᠪᠡ᠃
     ᠴᠠᠭᠠᠨ ᠰᠠᠷ᠎ᠠ ᠶᠢᠨ ᠴᠠᠭᠠᠰᠤᠨ ᠬᠠᠶᠢᠴᠢᠯᠠᠮᠠᠯ ᠪᠣᠯ ᠴᠠᠭᠠᠨ ᠰᠠᠷ᠎ᠠ ᠶᠢᠨ ᠤᠯᠠᠮᠵᠢᠯᠠᠯᠲᠤ ᠵᠠᠩᠰᠢᠯ ᠪᠥᠭᠡᠳ ᠬᠥᠮᠥᠰ ᠤᠨ ᠰᠢᠨ᠎ᠡ ᠨᠢᠭᠡ ᠵᠢᠯ ᠤᠨ ᠰᠠᠶᠢᠨ ᠰᠠᠶᠢᠬᠠᠨ ᠬᠦᠰᠡᠯ ᠡᠷᠡᠮᠡᠯᠵᠡᠯ ᠢ ᠪᠡᠯᠭᠡᠳᠡᠵᠦ ᠪᠠᠶᠢᠳᠠᠭ᠃ ᠠᠵᠢᠯᠯᠠᠭ᠎ᠠ ᠶᠢᠨ ᠳᠤᠮᠳᠠ᠂ ︽ᠤᠷᠠᠨ ᠪᠦᠰᠡᠭᠦᠢ︾ ᠸᠧᠢ ᠣᠪᠣᠭᠲᠤ ᠶᠢᠨ ᠭᠡᠷ ᠤᠨ ᠠᠬᠠᠮᠠᠳ ᠥᠯᠢᠭᠡᠷ ᠶᠠᠷᠢᠬᠤ ᠬᠡᠯᠪᠡᠷᠢ ᠪᠠᠷ ᠳᠠᠮᠵᠢᠭᠤᠯᠤᠨ᠂ ᠠᠵᠢᠯᠯᠠᠭ᠎ᠠ ᠳᠤ ᠣᠷᠣᠯᠴᠠᠭᠰᠠᠨ ᠬᠡᠦᠬᠡᠳ ᠤᠳ ᠲᠤ ᠬᠤᠣᠰ ᠤᠶᠠᠩᠭ᠎ᠠ ᠨᠠᠭᠠᠬᠤ᠂ ᠴᠣᠩᠬᠤᠨ ᠬᠤᠸᠠᠷ ᠬᠠᠶᠢᠴᠢᠯᠠᠬᠤ ᠵᠡᠷᠭᠡ ᠤᠯᠠᠮᠵᠢᠯᠠᠯᠲᠤ ᠵᠠᠩ ᠳᠠᠳᠬᠠᠯ ᠤᠨ ᠢᠷᠡᠯᠲᠡ ᠶᠢ ᠲᠠᠶᠢᠯᠪᠤᠷᠢᠯᠠᠨ ᠥᠭᠴᠦ᠂ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠮᠡᠷᠭᠡᠵᠢᠯ ᠪᠠ ᠠᠷᠭ᠎ᠠ ᠪᠠᠷᠢᠯ ᠢ ᠲᠠᠨᠢᠯᠴᠠᠭᠤᠯᠬᠤ ᠶᠢᠨ ᠬᠠᠮᠲᠤ ᠲᠤᠬᠠᠢ ᠶᠢᠨ ᠲᠠᠯᠠᠪᠤᠷ ᠲᠤ ᠳᠡᠯᠭᠡᠨ ᠦᠵᠡᠭᠦᠯᠵᠦ᠂ ᠬᠡᠦᠬᠡᠳ ᠤᠳ ᠲᠤ ᠴᠠᠭᠠᠰᠤᠨ ᠬᠠᠶᠢᠴᠢᠯᠠᠮᠠᠯ ᠢ ᠵᠢᠭᠠᠵᠤ ᠥᠭᠭᠦᠭᠰᠡᠨ ᠪᠠᠶᠢᠨ᠎ᠠ᠃ ᠪᠠᠶᠠᠷ ᠪᠠᠶᠠᠰᠤᠯ ᠤᠨ ᠳᠤᠮᠳᠠ᠂ ᠬᠡᠦᠬᠡᠳ ᠤᠳ ᠴᠠᠭᠠᠰᠤᠨ ᠬᠠᠶᠢᠴᠢᠯᠠᠮᠠᠯ ᠤᠨ ᠪᠦᠲᠦᠭᠡᠯ ᠢᠶᠠᠨ ᠪᠦᠲᠦᠭᠡᠬᠦ ᠶᠢᠨ ᠬᠠᠮᠲᠤ ᠠᠷᠠᠳ ᠤᠨ ᠵᠠᠩ ᠦᠶᠯᠡ ᠶᠢᠨ ᠰᠣᠶᠣᠯ ᠤᠨ ᠷᠢᠳᠢ ᠰᠢᠳᠢ ᠶᠢ ᠪᠡᠶ᠎ᠡ ᠪᠠᠷ ᠢᠶᠠᠨ ᠣᠯᠵᠤ ᠮᠡᠳᠡᠷᠡᠪᠡ᠃
     ᠲᠣᠰ ᠤᠳᠠᠭᠠᠨ ᠤ ᠠᠵᠢᠯᠯᠠᠭ᠎ᠠ ᠨᠢ ᠬᠡᠦᠬᠡᠳ ᠤᠨ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠳᠤ ᠪᠠᠶᠠᠷ ᠪᠠᠭ᠋ᠠᠳᠤᠯ ᠪᠠ ᠥᠩᠭᠡ ᠪᠤᠳᠤᠭ ᠨᠡᠮᠡᠷᠢᠯᠡᠭᠰᠡᠨ ᠢᠶᠠᠷ ᠪᠠᠷᠠᠬᠤ ᠦᠭᠡᠢ᠂ ᠪᠠᠰᠠ ᠬᠡᠦᠬᠡᠳ ᠤᠳ ᠲᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠣᠶᠢᠯᠠᠭᠠᠭᠤᠯᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠬᠢᠨ ᠡᠪᠦᠯ ᠤᠨ ᠠᠮᠠᠷᠠᠯᠲᠠ ᠶᠢᠨ ᠬᠤᠭᠤᠴᠠᠭᠠᠨ ᠤ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠡᠯ᠎ᠡ ᠵᠦᠢᠯ ᠤᠨ ᠠᠵᠢᠯ ᠢ ᠭᠦᠨᠵᠡᠭᠡᠢ ᠨᠠᠷᠢᠯᠢᠭ ᠪᠣᠳᠠᠲᠠᠢ ᠬᠢᠵᠦ᠂ ᠪᠦᠬᠦ ᠨᠡᠶᠢᠭᠡᠮ ᠢᠶᠠᠷ ᠢᠶᠠᠨ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠠᠯᠠᠮᠵᠢᠯᠠᠨ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠶᠡᠬᠡᠪᠡᠷ ᠪᠤᠢ ᠪᠣᠯᠭᠠᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号