ᠪᠦᠭᠦ ᠣᠷᠣᠨ ᠤ ᠠᠵᠢᠯ ᠠᠴᠠ ᠪᠠᠨ ᠲᠠᠷᠬᠠᠯᠠᠬᠳᠠᠬᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠲᠤ ᠢᠯᠡᠭᠡᠭᠰᠡᠨ ᠲᠣᠬᠤᠨᠢᠭᠤᠯᠬᠤ ᠵᠠᠬᠢᠳᠠᠯ
ᠨᠡᠶᠢᠲᠡᠯᠡᠭᠰᠡᠨ ᠴᠠᠭ᠄
2024/2/5
ᠪᠦᠭᠦ ᠣᠷᠣᠨ ᠤ ᠠᠵᠢᠯ ᠠᠴᠠ ᠪᠠᠨ ᠳᠠᠷᠬᠠᠯᠠᠬᠳᠠᠬᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠲᠤ᠄      ᠣᠨ ᠤ ᠬᠦᠷᠳᠦ ᠡᠷᠭᠢᠯᠳᠦᠨ ᠪᠠᠰᠠ ᠨᠢᠭᠡᠨ ᠰᠢᠨ᠎ᠡ ᠣᠨ ᠢᠶᠠᠨ ᠤᠭᠲᠤᠬᠤᠶ᠎ᠠ᠂ ᠡᠬᠡ ᠤᠯᠤᠰ ᠤᠨ ᠠᠭᠤᠯᠠ ᠤᠰᠤᠨ ᠤ ᠦᠵᠡᠰᠬᠦᠯᠡᠩᠲᠦ ᠰᠠᠶᠢᠬᠠᠨ ᠢ ᠪᠡᠯᠭᠡᠳᠡᠵᠦ᠂ ᠲᠦᠮᠡᠨ ᠪᠣᠳᠠᠰ ᠰᠢᠨᠡᠳᠴᠦ ᠭᠤᠶᠤ ᠰᠠᠶᠢᠬᠠᠨ ᠬᠠᠪᠤᠷ ᠤᠨ ᠦᠵᠡᠮᠵᠢ ᠶᠢ ᠵᠢᠷᠤᠭᠯᠠᠨ᠎ᠠ᠃ ᠬᠥᠬᠡ ᠯᠤᠤ ᠵᠢᠯ ᠤᠨ ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠲᠠᠰᠢᠷᠠᠮ ᠢᠶᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠠᠴᠠ ᠪᠦᠭᠦ ᠣᠷᠣᠨ ᠤ ᠠᠵᠢᠯ ᠠᠴᠠ ᠪᠠᠨ ᠳᠠᠷᠬᠠᠯᠠᠬᠳᠠᠬᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠲᠤ ᠴᠠᠭᠠᠨ ᠰᠠᠷ᠎ᠠ ᠶᠢᠨ ᠵᠥᠩᠨᠡᠯ ᠪᠣᠯᠣᠨ ᠴᠢᠩ ᠰᠡᠳᠬᠢᠯ ᠤᠨ ᠮᠡᠨᠳᠦᠴᠢᠯᠡᠯ  ᠳᠡᠪᠰᠢᠭᠦᠯᠵᠦ ᠪᠠᠶᠢᠨ᠎ᠠ︕      ᠰᠠᠶ᠋ᠢᠬᠠᠨ ᠥᠩᠭᠡᠷᠡᠭᠰᠡᠨ 2023 ᠣᠨ ᠪᠣᠯ ᠥᠪᠥᠷ ᠮᠣᠩᠭᠤᠯ ᠤᠨ ᠥᠭᠡᠷᠡᠴᠢᠯᠡᠯᠲᠡ ᠬᠥᠭᠵᠢᠯᠲᠡ ᠶᠢᠨ ᠠᠬᠢᠴᠠ ᠳᠠᠬᠢ ᠲᠤᠶᠢᠯ ᠤᠨ ᠶᠡᠷᠦ ᠪᠤᠰᠤ ᠶᠢᠨ ᠨᠢᠭᠡ ᠵᠢᠯ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠳᠥᠷᠪᠡᠳᠡᠬᠢ ᠤᠳᠠᠭ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠪᠢᠳᠡᠨ ᠳᠤ ᠯᠤᠲᠤ ᠶᠡᠭᠡ ᠤᠯᠤᠰ ᠲᠦᠷᠦ ᠶᠢᠨ ᠬᠠᠯᠠᠮᠵᠢᠯᠠᠯ ᠪᠠ ᠡᠷᠬᠢᠮ ᠨᠠᠨᠳᠢᠨ ᠬᠥᠭᠵᠢᠯᠲᠡ ᠶᠢᠨ ᠠᠵᠠ ᠲᠣᠭᠢᠶᠠᠯ ᠢ ᠠᠪᠴᠢᠷᠠᠵᠤ ᠥᠭᠴᠡᠢ᠃ ᠲᠦᠷᠦ ᠶᠢᠨ ᠶᠠᠪᠤᠳᠠᠯ ᠤᠨ ᠬᠤᠷᠢᠶ᠎ᠠ ᠠᠴᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ ᠨᠡᠶᠢᠲᠡᠯᠡᠵᠦ᠂ ᠪᠢᠳᠡᠨ ᠤ ︽ᠲᠠᠪᠤᠨ ᠶᠡᠭᠡ ᠡᠭᠦᠷᠭᠡ︾ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠡᠶᠡᠯᠡᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠨᠢᠭᠡ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠨᠡᠨᠴᠢ ᠪᠠᠷ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠪᠠᠲᠤ ᠡᠵᠡᠮᠰᠢᠵᠦ᠂ ᠥᠷᠭᠡᠨ ᠣᠯᠠᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠢᠳᠡᠪᠬᠢᠲᠡᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠨ ᠴᠢᠷᠮᠠᠶᠢᠵᠤ᠂ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠠᠵᠢᠯ ᠢᠶᠠᠨ ᠯᠠᠪᠳᠠᠭᠤᠨ ᠪᠠᠲᠤᠲᠠᠢ ᠥᠷᠨᠢᠭᠦᠯᠵᠦ᠂ ᠬᠤᠶᠠᠷ ᠶᠡᠭᠡ ᠶᠠᠪᠤᠳᠠᠯ ᠤᠨ ᠡᠯᠪᠡᠭ ᠪᠠᠶᠠᠯᠢᠭ ᠦᠷ᠎ᠡ ᠪᠦᠲᠦᠭᠡᠯ ᠣᠯᠬᠤ ᠶᠢ ᠠᠬᠢᠭᠤᠯᠤᠨ᠂ ᠠᠵᠤ ᠦᠢᠯᠡᠰ ᠤᠨ ︽ᠳᠥᠷᠪᠡᠨ ᠣᠯᠠᠨ ᠳᠥᠷᠪᠡᠨ ᠴᠥᠭᠡᠨ︾ ᠤ ᠪᠠᠶᠢᠳᠠᠯ ᠢ ᠲᠦᠷᠭᠡᠳᠬᠡᠨ ᠬᠤᠪᠢᠷᠠᠭᠤᠯᠵᠤ᠂ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠲᠦᠪᠰᠢᠨ ᠢ ᠴᠢᠨᠠᠭᠰᠢᠳᠠ ᠳᠡᠭᠡᠭᠰᠢᠯᠡᠭᠦᠯᠦᠨ᠂ ᠪᠦᠭᠦ ᠣᠷᠣᠨ ᠤ ᠡᠯ᠎ᠡ ᠵᠦᠢᠯ ᠤᠨ ᠠᠵᠢᠯ ᠦᠢᠯᠡᠰ ᠢ ᠦᠷᠭᠦᠯᠵᠢᠯᠡᠨ ᠡᠷᠡᠭᠦᠯ ᠢᠶᠠᠷ ᠬᠥᠭᠵᠢᠭᠦᠯᠵᠦ᠂ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠲᠠᠯ᠎ᠠ ᠪᠠᠷ ᠡᠷᠡᠰ ᠪᠠᠲᠤ ᠠᠯᠬᠤᠮ ᠢ ᠠᠯᠬᠤᠵᠤ᠂ ᠪᠦᠭᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 7.3% ᠪᠠᠷ ᠨᠡᠮᠡᠭᠳᠡᠭᠦᠯᠦᠨ᠂ 2017 ᠣᠨ ᠠᠴᠠ ᠨᠠᠭᠠᠰᠢᠬᠢ ᠰᠢᠨ᠎ᠡ ᠲᠡᠮᠳᠡᠭᠯᠡᠯ ᠢ ᠡᠭᠦᠳᠴᠦ᠂ 2.46 ᠲᠦᠮᠡᠨ ᠳ᠋ᠦᠩᠰᠢᠭᠤᠷ ᠲᠥᠭᠦᠷᠢᠭ ᠲᠤ ᠭᠦᠷᠪᠡ;ᠲᠣᠬᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 19.8% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 7.4% ᠪᠠᠷ ᠨᠡᠮᠡᠭᠳᠡᠵᠦ᠂ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ 9.2%  ᠢᠶᠠᠷ ᠨᠡᠮᠡᠭᠳᠡᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ ᠲᠤᠰ ᠲᠤᠰ 5.1% ᠪᠠ 8% ᠪᠠᠷ ᠨᠡᠮᠡᠭᠳᠡᠪᠡ᠃ ᠡᠲᠡᠭᠡᠷ ᠭᠢᠯᠪᠡᠷ ᠪᠤᠰᠤ ᠠᠮᠵᠢᠯᠲᠠ ᠪᠦᠲᠦᠮᠵᠢ ᠳᠤ ᠪᠦᠭᠦ ᠣᠷᠣᠨ ᠤ ᠠᠵᠢᠯ ᠠᠴᠠ ᠪᠠᠨ ᠲᠠᠷᠬᠠᠯᠠᠬᠳᠠᠬᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠤᠨ ᠣᠷᠳᠣ ᠬᠤᠭᠤᠴᠠᠭᠠᠨ ᠤ ᠲᠤᠷᠰᠢᠬᠢ ᠬᠠᠯᠠᠮᠵᠢᠯᠠᠯ ᠪᠠ ᠳᠡᠮᠵᠢᠯᠭᠡ ᠠᠭᠤᠯᠤᠭᠳᠠᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠠᠴᠠ ᠥᠷᠭᠡᠨ ᠤᠯᠠᠨ ᠠᠬᠠᠮᠠᠳ ᠨᠥᠬᠦᠳ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠦ ᠪᠠᠶᠢᠨ᠎ᠠ︕      2024 ᠣᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠡᠯ᠎ᠡ ᠵᠦᠢᠯ ᠤᠨ ᠦᠢᠯᠡᠰ ᠲᠤ ᠪᠦᠭᠦ ᠲᠠᠯ᠎ᠠ ᠪᠠᠷ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠬᠠᠶᠢᠷ᠎ᠠ ᠬᠠᠯᠠᠮᠵᠢ ᠶᠢᠨ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ︽ᠪᠣᠭᠤᠮᠲᠠ ᠰᠢᠪᠲᠤᠯᠬᠤ︾ ᠢᠨᠵᠧᠨᠧᠷᠢᠩ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠵᠡᠷᠭᠡ ᠴᠢᠨᠠᠷ ᠰᠠᠶᠢᠲᠠᠢ ᠬᠥᠭᠵᠢᠯᠲᠡ ᠪᠣᠯᠣᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠲᠤᠯᠭᠠᠭᠤᠷᠢᠯᠠᠬᠤ ᠴᠢᠨᠠᠷᠲᠠᠢ᠂ ᠲᠠᠲᠠᠬᠤ ᠴᠢᠨᠠᠷᠲᠠᠢ᠂ ᠳᠠᠶᠢᠴᠢᠯᠠᠬᠤ ᠴᠢᠨᠠᠷᠲᠠᠢ︽ᠵᠢᠷᠭᠤᠭᠠᠨ ᠢᠨᠵᠧᠨᠧᠷᠢᠩ︾ ᠢ ᠪᠦᠭᠦ ᠬᠦᠴᠦᠨ ᠢᠶᠠᠷ ᠢᠶᠠᠨ ᠠᠬᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠲᠠᠰᠤᠷᠠᠯᠳᠡ ᠦᠭᠡᠢ ᠪᠢᠴᠢᠭᠯᠡᠨ᠎ᠡ᠃      ᠠᠵᠢᠯ ᠠᠴᠠ ᠪᠠᠨ ᠲᠠᠷᠬᠠᠯᠠᠬᠳᠠᠬᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠪᠣᠯ ᠨᠠᠮ ᠪᠣᠯᠣᠨ ᠤᠯᠤᠰ ᠤᠨ ᠡᠷᠬᠢᠮ ᠨᠠᠨᠳᠢᠨ ᠥᠪ ᠬᠥᠷᠥᠩᠭᠡ ᠮᠥᠨ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠢ ᠠᠬᠢᠭᠤᠯᠬᠤ ᠴᠢᠬᠤᠯᠠ ᠬᠦᠴᠦᠨ ᠮᠥᠨ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠶᠡᠷᠦᠩᠬᠡᠢ ᠱᠦᠵᠢ ᠰᠢ ᠶᠢᠨ ᠫᠢᠩ ᠤᠨ ᠠᠬᠠᠮᠠᠳ ᠺᠠᠳ᠋ᠷᠴᠤᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠵᠤ᠂ ᠠᠵᠢᠯ ᠠᠴᠠ ᠪᠠᠨ ᠲᠠᠷᠬᠠᠯᠠᠬᠳᠠᠬᠰᠠᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠲᠤᠬᠠᠢ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠢᠮᠠᠭᠲᠠ ᠪᠢᠰᠢᠷᠡᠨ ᠬᠦᠨᠳᠦᠳᠬᠡᠬᠦ ᠰᠡᠳᠬᠢᠯᠭᠡ᠂ ᠬᠠᠶᠢᠷᠠᠯᠠᠨ ᠬᠠᠯᠠᠮᠵᠢᠯᠠᠬᠤ ᠰᠡᠳᠬᠢᠯᠭᠡ ᠲᠠᠢ᠂ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠠᠬᠠᠮᠠᠳ ᠨᠥᠬᠦᠳ ᠲᠤ ᠪᠣᠳᠠᠲᠠᠢ ᠠᠵᠢᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠨ ᠥᠭᠴᠦ᠂ ᠤᠯᠤᠰ ᠲᠦᠷᠦ ᠶᠢᠨ ᠲᠠᠯ᠎ᠠ ᠪᠠᠷ ᠬᠦᠨᠳᠦᠳᠬᠡᠬᠦ᠂ ᠦᠵᠡᠯ ᠰᠠᠨᠠᠭᠠᠨ ᠤ ᠲᠠᠯ᠎ᠠ ᠪᠠᠷ ᠬᠠᠯᠠᠮᠵᠢᠯᠠᠬᠤ᠂ ᠠᠮᠢᠳᠤᠷᠠᠯ ᠤᠨ ᠲᠠᠯ᠎ᠠ ᠪᠠᠷ ᠬᠠᠷᠠᠭᠠᠯᠵᠠᠬᠤ᠂ ᠤᠶᠤᠨ ᠰᠠᠨᠠᠭᠠᠨ ᠤ ᠲᠠᠯ᠎ᠠ ᠪᠠᠷ ᠬᠠᠯᠠᠮᠵᠢᠯᠠᠬᠤ ᠶᠢ ᠪᠡᠶᠡᠯᠡᠭᠦᠯᠵᠦ᠂ ᠠᠬᠠᠮᠠᠳ ᠨᠥᠬᠦᠳ ᠢ ᠥᠲᠡᠯᠦᠭᠡ ᠨᠠᠰᠤ ᠪᠠᠨ ᠠᠮᠤᠷ ᠵᠢᠮᠤᠷ ᠥᠩᠭᠡᠷᠡᠭᠦᠯᠦᠨ᠂ ᠤᠷᠳᠤ ᠨᠠᠰᠤᠯᠠᠵᠤ ᠤᠳᠠᠭᠠᠨ ᠵᠢᠷᠭᠠᠭᠤᠯᠬᠤ ᠬᠡᠷᠡᠭᠲᠡᠢ᠃ ᠡᠯ᠎ᠡ ᠠᠬᠠᠮᠠᠳ ᠨᠥᠬᠦᠳ ᠤᠯᠤᠰ ᠲᠦᠷᠦ ᠶᠢᠨ ᠳᠠᠪᠠᠭᠤᠯᠢᠭ᠂ ᠲᠤᠷᠰᠢᠯᠭ᠎ᠠ ᠶᠢᠨ ᠳᠠᠪᠠᠭᠤᠯᠢᠭ᠂ ᠨᠡᠷ᠎ᠡ ᠬᠦᠨᠳᠦ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠪᠦᠭᠦ ᠣᠷᠣᠨ ᠤ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠬᠠᠯᠠᠮᠵᠢᠯᠠᠨ ᠠᠩᠬᠠᠷᠴᠤ᠂ ᠰᠢᠨ᠎ᠡ ᠴᠠᠭ ᠦᠶ᠎ᠡ ᠳᠤ ᠦᠷᠭᠦᠯᠵᠢᠯᠡᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃      ᠪᠢᠳᠡ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂  ᠬᠦᠰᠡᠯ ᠨᠠᠶᠢᠳᠠᠯᠭ᠎ᠠ ᠶᠢ  ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠣᠮᠤᠭ ᠵᠣᠷᠢᠭ ᠪᠠᠳᠠᠷᠠᠩᠭᠤᠢ ᠪᠠᠷ ᠡᠷᠡᠯᠬᠡᠭᠯᠡᠨ ᠴᠢᠷᠮᠠᠶᠢᠵᠤ᠂ ᠵᠣᠷᠢᠭᠲᠠᠢ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠰᠢᠨ᠎ᠡ ᠠᠶᠠᠨ ᠳᠤ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ᠂ ᠬᠠᠮᠲᠤ ᠪᠠᠷ ᠡᠬᠡ ᠤᠯᠤᠰ ᠤᠨ ᠤᠮᠠᠷᠠᠲᠤ ᠬᠢᠯᠢ ᠶᠢᠨ ᠦᠵᠡᠮᠵᠢ ᠶᠢᠨ ᠣᠷᠣᠨ ᠢ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠤᠶ᠎ᠠ᠃      ᠠᠵᠢᠯ ᠠᠴᠠ ᠪᠠᠨ ᠲᠠᠷᠬᠠᠯᠠᠬᠳᠠᠬᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠤᠨ ᠴᠠᠭᠠᠨ ᠰᠠᠷ᠎ᠠ ᠳᠤ ᠪᠠᠶᠠᠷ ᠭᠦᠷ ᠲᠠᠢ᠂ ᠠᠮᠤᠷ ᠠᠮᠤᠭᠤᠯᠠᠩ᠂ ᠭᠡᠷ ᠬᠤᠲᠠᠯᠠᠭᠠᠷ ᠢᠶᠠᠨ ᠵᠣᠯ ᠵᠢᠷᠭᠠᠯ ᠲᠠᠢ ᠪᠠᠶᠢᠬᠤ ᠶᠢ ᠴᠢᠩ ᠰᠡᠳᠬᠢᠯ ᠠᠴᠠ ᠪᠠᠨ ᠵᠥᠩᠨᠡᠶ᠎ᠡ︕ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ                     2024 ᠣᠨ ᠤ 2 ᠰᠠᠷ᠎ᠠ ᠶᠢᠨ 3 ᠤ ᠡᠳᠦᠷ
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号