ᠲᠥᠪ ᠤᠨ ᠣᠷᠣᠨ ᠨᠤᠲᠤᠭ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠥᠭᠵᠢᠯᠲᠡ ᠶᠢ ᠬᠥᠲᠥᠯᠥᠨ ᠵᠢᠯᠤᠭᠤᠳᠬᠤ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2024/2/5
      ᠲᠥᠪ ᠤᠨ ᠣᠷᠣᠨ ᠨᠤᠲᠤᠭ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠥᠭᠵᠢᠯᠲᠡ ᠶᠢ ᠬᠥᠲᠥᠯᠥᠨ ᠵᠢᠯᠤᠭᠤᠳᠬᠤ ᠪᠡᠯᠡ ᠮᠥᠩᠭᠦ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠶᠢᠨ ᠲᠥᠯᠥᠭᠡ᠂ ᠡᠳ᠋ ᠤᠨ ᠵᠠᠰᠠᠭ ᠤᠨ ᠶᠠᠮᠤᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠶᠠᠮᠤᠨ 31 ᠤ ᠡᠳᠦᠷ᠂ ᠲᠥᠪ ᠤᠨ ᠣᠷᠣᠨ ᠨᠤᠲᠤᠭ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠥᠭᠵᠢᠯᠲᠡ ᠶᠢ ᠬᠥᠲᠥᠯᠥᠨ ᠵᠢᠯᠤᠭᠤᠳᠬᠤ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠨᠡᠶᠢᠲᠡᠯᠡᠪᠡ᠃       ᠠᠷᠭ᠎ᠠ ᠳᠤ ᠬᠡᠯᠡᠵᠦ ᠪᠠᠶᠢᠭ᠎ᠠ ᠬᠥᠲᠥᠯᠥᠨ ᠵᠢᠯᠤᠭᠤᠳᠬᠤ ᠪᠡᠯᠡ ᠮᠥᠩᠭᠦ ᠭᠡᠳᠡᠭ ᠨᠢ ᠲᠥᠪ ᠤᠨ ᠡᠳ᠋ ᠤᠨ ᠵᠠᠰᠠᠭ ᠠᠴᠠ ᠣᠷᠣᠨ ᠨᠤᠲᠤᠭ ᠤᠨ ᠵᠠᠰᠠᠭ ᠤᠨ ᠣᠷᠳᠣᠨ ᠤ ᠤᠯᠤᠰ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠭᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠶᠢ ᠳᠡᠮᠵᠢᠬᠦ ᠪᠠ ᠬᠥᠲᠥᠯᠥᠨ ᠵᠢᠯᠤᠭᠤᠳᠬᠤ ᠳᠤ ᠬᠡᠷᠡᠭᠯᠡᠬᠦ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢ ᠰᠢᠯᠵᠢᠭᠦᠯᠦᠨ ᠲᠥᠯᠥᠬᠦ ᠪᠡᠯᠡ ᠮᠥᠩᠭᠦ ᠶᠢ ᠵᠢᠭᠠᠵᠤ ᠪᠤᠶ᠃ ᠬᠡᠷᠡᠭᠵᠢᠭᠦᠯᠬᠦ ᠬᠤᠭᠤᠴᠠᠭ᠎ᠠ ᠶᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠷᠢᠶᠡᠨ ᠳᠠᠬᠢ ᠲᠥᠪ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠥᠯ ᠵᠡᠷᠭᠡ ᠲᠥᠷᠥ ᠶᠢᠨ ᠪᠣᠳᠣᠯᠭ᠎ᠠ ᠶᠢ ᠦᠨᠳᠦᠰᠦᠯᠡᠨ ᠵᠣᠬᠢᠴᠠᠩᠭᠤᠢ ᠪᠠᠷ ᠲᠣᠬᠢᠷᠠᠭᠤᠯᠤᠨ᠎ᠠ᠃       ᠠᠷᠭ᠎ᠠ ᠶᠢ ᠦᠨᠳᠦᠰᠦᠯᠡᠪᠡᠯ᠂ ᠬᠥᠲᠥᠯᠥᠨ ᠵᠢᠯᠤᠭᠤᠳᠬᠤ ᠪᠡᠯᠡ ᠮᠥᠩᠭᠦ ᠪᠠᠷ ᠴᠢᠬᠤᠯᠠ ᠶᠡᠭᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠡᠭᠦᠷᠭᠡ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠤ ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ᠂ ᠴᠢᠯᠦᠭᠡᠲᠡᠢ ᠰᠦᠪᠡᠭᠴᠢᠯᠡᠬᠦ ᠲᠥᠷᠥᠯ ᠤᠨ ᠰᠠᠭᠤᠷᠢ ᠰᠤᠳᠤᠯᠭᠠᠨ ᠢ ᠳᠡᠮᠵᠢᠨ᠎ᠡ᠃ ᠡᠭᠦᠨ ᠳᠤ ᠴᠢᠬᠤᠯᠠ ᠶᠡᠭᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠡᠭᠦᠷᠭᠡ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠤ ᠪᠦᠲᠦᠭᠡᠨ ᠪᠠᠶᠢᠭᠤᠯᠤᠯᠲᠠ᠂ ᠴᠢᠯᠦᠭᠡᠲᠡᠢ ᠰᠦᠪᠡᠭᠴᠢᠯᠡᠬᠦ ᠲᠥᠷᠥᠯ ᠤᠨ ᠰᠠᠭᠤᠷᠢ ᠰᠤᠳᠤᠯᠭᠠᠨ ᠢ ᠳᠡᠮᠵᠢᠬᠦ ᠪᠡᠯᠡ ᠮᠥᠩᠭᠦ ᠶᠢ ᠣᠷᠣᠨ ᠨᠤᠲᠤᠭ ᠤᠨ ᠬᠢᠨ ᠠᠴᠠ ᠰᠢᠭᠤᠳ ᠲᠤᠰᠠᠯᠠᠬᠤ᠂ ᠰᠡᠭᠦᠯᠡᠷ ᠨᠢ ᠲᠤᠰᠠᠯᠠᠬᠤ᠂ ᠱᠠᠩᠨᠠᠯ ᠢᠶᠠᠷ ᠨᠥᠬᠦᠪᠦᠷᠢ ᠶᠢ ᠣᠷᠣᠯᠠᠭᠤᠯᠬᠤ ᠵᠡᠷᠭᠡ ᠣᠯᠠᠨ ᠵᠦᠢᠯ ᠤᠨ ᠣᠷᠣᠭᠤᠯᠤᠯᠲᠠ ᠶᠢᠨ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠬᠦ ᠶᠢ ᠵᠣᠷᠢᠬᠵᠢᠭᠤᠯᠤᠨ᠎ᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠳᠡᠮᠵᠢᠬᠦ ᠪᠡᠯᠡ ᠮᠥᠩᠭᠦ ᠶᠢ ᠣᠷᠣᠨ ᠨᠤᠲᠤᠭ ᠤᠨ ᠬᠢᠨ ᠠᠴᠠ ᠲᠦᠭᠰᠢᠭᠦᠷᠢ ᠶᠢ ᠨᠥᠬᠦᠵᠦ ᠲᠥᠯᠥᠬᠦ᠂ ᠰᠡᠭᠦᠯᠡᠷ ᠨᠢ ᠲᠤᠰᠠᠯᠠᠬᠤ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢ ᠬᠥᠲᠥᠯᠥᠨ ᠵᠢᠯᠤᠭᠤᠳᠬᠤ ᠵᠡᠷᠭᠡ ᠡᠳ᠋ ᠤᠨ ᠵᠠᠰᠠᠭ ᠤᠨ ᠣᠷᠣᠭᠤᠯᠤᠯᠲᠠ ᠶᠢᠨ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠬᠦ ᠶᠢ ᠵᠣᠷᠢᠭᠵᠢᠭᠤᠯᠤᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号