ᠰᠢᠶᠠᠨ ᠤ ᠤᠳᠤᠷᠢᠳᠤᠯᠭ᠎ᠠ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠤᠭᠰᠠᠨ ᠴᠡᠷᠢᠭ ᠤᠨ ᠭᠡᠷ ᠪᠦᠯᠢ ᠳᠤ ᠪᠠᠶᠠᠷ ᠤᠨ ᠮᠡᠳᠡᠭᠡ ᠬᠦᠷᠭᠡᠪᠡ
ᠨᠡᠶᠢᠲᠡᠯᠡᠭᠰᠡᠨ ᠴᠠᠭ᠄
2024/2/6
     1 ᠰᠠᠷ᠎ᠠ ᠶᠢᠨ 30 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠯᠢ ᠮᠢᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠱᠢ ᠰᠢᠩ ᠴᠢᠶᠠᠩ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠤᠭᠰᠠᠨ ᠠᠯᠪᠠᠨ ᠳᠤ ᠪᠠᠶᠢᠭ᠎ᠠ ᠴᠡᠷᠢᠭ ᠠᠨ ᠨᠢᠩ ᠤᠨ ᠭᠡᠷ ᠪᠦᠯᠢ ᠶᠢᠨ ᠬᠢᠨ ᠳᠤ ᠭᠠᠪᠢᠶ᠎ᠠ ᠪᠠᠶᠢᠭᠤᠯᠤᠭᠰᠠᠨ ᠪᠠᠶᠠᠷ ᠤᠨ ᠮᠡᠳᠡᠭᠡ ᠪᠠ ᠲᠣᠬᠤᠨᠢᠭᠤᠯᠬᠤ ᠮᠥᠩᠭᠦ ᠬᠦᠷᠭᠡᠭᠰᠡᠨ ᠪᠥᠭᠡᠳ ᠬᠠᠯᠠᠭᠤᠨ ᠪᠠᠶᠠᠷ ᠪᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠡᠢ᠃
     ᠡᠨᠡ ᠬᠤᠭᠤᠴᠠᠭᠠᠨ ᠳᠤ᠂ ᠤᠯᠠᠨ ᠢᠶᠠᠷ ᠢᠶᠠᠨ ᠠᠯᠪᠠᠨ ᠳᠤ ᠪᠠᠶᠢᠭ᠎ᠠ ᠴᠡᠷᠢᠭ ᠠᠨ ᠨᠢᠩ ᠤᠨ ᠭᠡᠷ ᠪᠦᠯᠢ ᠶᠢᠨ  ᠬᠢᠨ ᠲᠠᠢ ᠨᠠᠷᠢᠨ ᠨᠢᠭᠲᠠ ᠶᠠᠷᠢᠯᠴᠠᠵᠤ᠂ ᠲᠡᠳᠡᠨ ᠤ ᠭᠡᠷ ᠪᠦᠯᠢ ᠶᠢᠨ ᠠᠮᠢᠳᠤᠷᠠᠯ ᠤᠨ ᠪᠠᠶᠢᠳᠠᠯ ᠢ ᠣᠶᠢᠯᠠᠭᠠᠭᠰᠠᠨ ᠪᠥᠭᠡᠳ ᠨᠠᠮ ᠪᠠ ᠵᠠᠰᠠᠭ ᠤᠨ ᠣᠷᠳᠣᠨ ᠠᠴᠠ ᠠᠯᠪᠠᠨ ᠳᠤ ᠪᠠᠶᠢᠭ᠎ᠠ ᠴᠡᠷᠢᠭ ᠵᠢᠴᠢ ᠴᠡᠷᠢᠭ ᠤᠨ ᠭᠡᠷ ᠪᠦᠯᠢ ᠶᠢᠨ  ᠬᠢᠨ ᠢ ᠬᠦᠨᠳᠦᠳᠬᠡᠨ ᠬᠠᠯᠠᠮᠵᠢᠯᠠᠵᠤ ᠪᠠᠶᠢᠬᠤ ᠶᠢ ᠳᠠᠮᠵᠢᠭᠤᠯᠤᠭᠰᠠᠨ ᠤ ᠬᠠᠮᠲᠤ ᠪᠠᠰᠠ ᠴᠡᠷᠢᠭ ᠤᠨ ᠭᠡᠷ ᠪᠦᠯᠢ ᠶᠢᠨ  ᠬᠢᠨ ᠤ ᠤᠯᠤᠰ ᠣᠷᠣᠨ᠂ ᠴᠡᠷᠢᠭ ᠠᠩᠭᠢ ᠳᠤ ᠰᠢᠯᠢᠳᠡᠭ ᠴᠢᠳᠠᠪᠤᠷᠢᠲᠠᠨ ᠢ ᠬᠥᠮᠥᠵᠢᠭᠦᠯᠵᠦ ᠥᠭᠭᠦᠭᠰᠡᠨ ᠳᠤ ᠲᠠᠯᠠᠷᠬᠠᠬᠤ ᠶᠢᠨ ᠬᠠᠮᠲᠤ ᠠᠨ ᠨᠢᠩ ᠤᠨ ᠳᠠᠬᠢᠨᠲᠠ ᠰᠢᠨ᠎ᠡ ᠭᠠᠪᠢᠶ᠎ᠠ ᠪᠠᠶᠢᠭᠤᠯᠵᠤ᠂ ᠳᠠᠬᠢᠨᠲᠠ ᠭᠡᠷᠡᠯ ᠰᠠᠴᠤᠷᠠᠩᠭᠤᠢ ᠠᠮᠵᠢᠯᠲᠠ ᠣᠯᠬᠤ ᠶᠢ ᠵᠥᠩᠨᠡᠪᠡ᠃      ᠭᠡᠷ ᠪᠦᠯᠢ ᠶᠢᠨ ᠬᠢᠨ᠂ ᠪᠠᠶᠠᠷ ᠤᠨ ᠮᠡᠳᠡᠭᠡ ᠳᠤ ᠮᠠᠰᠢ ᠢᠷᠠᠭᠤ ᠠᠯᠳᠠᠷ ᠲᠠᠢ ᠰᠠᠨᠠᠭᠳᠠᠵᠤ᠂ ᠲᠤᠶᠢᠯ ᠢᠶᠠᠷ ᠣᠮᠣᠭᠰᠢᠵᠤ ᠪᠠᠶᠢᠨ᠎ᠠ᠂ ᠨᠠᠮ ᠪᠣᠯᠣᠨ ᠵᠠᠰᠠᠭ ᠤᠨ ᠣᠷᠳᠣᠨ ᠠᠴᠠ ᠲᠡᠳᠡᠨ ᠢ ᠬᠠᠯᠠᠮᠵᠢᠯᠠᠵᠤ ᠪᠠᠶᠢᠭ᠎ᠠ ᠰᠡᠳᠬᠢᠯᠭᠡ ᠳᠤ ᠲᠠᠯᠠᠷᠬᠠᠵᠤ ᠪᠠᠶᠢᠨ᠎ᠠ᠂ ᠥᠩᠭᠡᠷᠡᠭᠰᠡᠨ ᠲᠠᠢ ᠪᠠᠨ ᠠᠳᠠᠯᠢ ᠪᠠᠷ ᠬᠡᠦᠬᠡᠳ ᠤᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠶᠢ ᠳᠡᠮᠵᠢᠵᠦ᠂ ᠲᠠᠬᠢᠨ ᠰᠢᠨ᠎ᠡ ᠭᠠᠪᠢᠶ᠎ᠠ ᠪᠠᠶᠢᠭᠤᠯᠵᠤ᠂ ᠨᠤᠲᠤᠭ ᠤᠰᠤᠨ ᠳᠠᠭᠠᠨ ᠥᠩᠭᠡ ᠭᠡᠷᠡᠯ ᠨᠡᠮᠡᠷᠢᠯᠡᠬᠦ ᠪᠠᠷ ᠴᠢᠷᠮᠠᠶᠢᠨ᠎ᠠ ᠭᠡᠵᠦ ᠢᠯᠡᠳᠬᠡᠵᠡᠭᠡᠪᠡ᠃ ︵ᠰᠤᠷᠪᠤᠯᠵᠢᠯᠠᠭᠴᠢ᠄  ᠶᠢᠨ ᠫᠢᠩ  ᠹᠧᠩ ᠯᠢ ᠪᠢᠨ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号