ᠪᠦᠬᠦ ᠬᠦᠴᠦᠨ ᠢᠶᠠᠷ ᠢᠶᠠᠨ ᠦᠢᠯᠡᠳᠪᠦᠷᠢᠯᠡᠯ ᠢ ᠲᠣᠭᠲᠠᠪᠤᠷᠢᠵᠢᠭᠤᠯᠵᠤ ᠠᠮᠤᠷ ᠲᠦᠪᠰᠢᠨ ᠢ ᠪᠠᠲᠤᠯᠠᠵᠤ ᠵᠢᠯ ᠤᠨ ᠡᠴᠦᠰ ᠵᠢᠯ ᠤᠨ ᠡᠬᠢᠨ ᠳᠤ ︽ᠠᠮᠤᠷ ᠲᠦᠪᠰᠢᠨ ᠤ ᠪᠣᠭᠤᠮᠲᠠ︾ ᠶᠢ ᠴᠢᠩᠭ᠎ᠠ ᠰᠠᠬᠢᠨ᠎ᠠ  ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠴᠠᠭᠠᠨ ᠰᠠᠷ᠎ᠠ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/2/6
     2 ᠰᠠᠷ᠎ᠠ ᠶᠢᠨ 4 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠪᠦᠯᠬᠦᠮ ᠳᠠᠭᠠᠭᠤᠯᠤᠨ ᠮᠠᠨ ᠤ ᠰᠢᠶᠠᠨ ᠤ ᠬᠡᠰᠡᠭ ᠬᠡᠲᠦ ᠳᠡᠯᠭᠡᠭᠦᠷ᠂ ᠬᠤᠭᠤᠯᠠᠨ ᠭᠡᠷ᠂ ᠰᠤᠷᠭᠠᠭᠤᠯᠢ ᠪᠠ ᠬᠤᠸᠠᠷ ᠫᠤᠤᠵᠢᠩ ᠵᠢᠵᠢᠭᠯᠡᠨ ᠬᠤᠳᠠᠯᠳᠤᠬᠤ ᠭᠠᠵᠠᠷ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠬᠦᠷᠴᠦ ᠴᠠᠭᠠᠨ ᠰᠠᠷ᠎ᠠ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠬᠢᠵᠦ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᡁᠢ ᠵᠢᠶᠠᠨ ᠭᠠᠩ ᠪᠠᠷ᠎ᠠ ᠪᠣᠯᠵᠤ ᠪᠠᠶᠢᠴᠠᠭᠠᠯᠲᠠ ᠬᠢᠪᠡ᠃      ᠰᠢᠶᠠᠨ ᠤ ᠲᠥᠪ ᠬᠥᠬᠡ ᠡᠷᠭᠢ ᠪᠠᠯᠭᠠᠰᠤᠨ ᠤ ᠵᠢᠶᠠ ᠵᠢᠶᠠ ᠬᠤᠶ ᠬᠡᠲᠦ ᠳᠡᠯᠭᠡᠭᠦᠷ ᠤᠨ ᠡᠯ᠎ᠡ ᠲᠥᠷᠥᠯ ᠤᠨ ᠲᠠᠸᠠᠷ ᠤᠨ ᠲᠥᠷᠥᠯ ᠵᠦᠢᠯ ᠨᠢ ᠪᠦᠷᠢᠨ ᠭᠦᠢᠴᠡᠳ ᠪᠠᠶᠢᠵᠤ᠂ ᠠᠷᠠᠳ ᠣᠯᠠᠨ ᠤ ᠬᠤᠳᠠᠯᠳᠤᠨ ᠠᠪᠬᠤ ᠠᠵᠢᠯᠯᠠᠭ᠎ᠠ ᠲᠠᠰᠤᠷᠠᠯᠲᠠ ᠦᠭᠡᠢ ᠦᠷᠭᠦᠯᠵᠢᠯᠡᠵᠦ᠂ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠮ᠎ᠠ ᠪᠠᠶᠢᠨ᠎ᠠ᠃ ᠶᠠᠩ ᠰᠢᠩ ᠱᠧᠩ ᠬᠡᠲᠦ ᠳᠡᠯᠭᠡᠭᠦᠷ ᠲᠤ ᠣᠷᠣᠵᠤ᠂ ᠬᠡᠲᠦ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ᠂ ᠢᠳᠡᠭᠡᠨ ᠤ ᠠᠮᠤᠷ ᠲᠦᠪᠰᠢᠨ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠪᠠᠶᠢᠳᠠᠯ ᠢ ᠨᠠᠷᠢᠨ ᠨᠢᠮᠪᠠᠢ ᠪᠠᠶᠢᠴᠠᠭᠠᠨ ᠦᠵᠡᠪᠡ᠃ ᠲᠡᠷᠡ᠂ ᠬᠤᠳᠠᠯᠳᠤᠭᠠᠨ ᠤ ᠳᠡᠯᠭᠡᠭᠦᠷ ᠬᠡᠳᠦ ᠳᠡᠯᠭᠡᠭᠦᠷ ᠨᠢ ᠠᠷᠠᠳ ᠢᠷᠭᠡᠳ ᠤᠨ ᠠᠮᠢᠳᠤᠷᠠᠯ ᠲᠠᠢ ᠨᠢᠭᠲᠠ ᠬᠠᠷᠢᠴᠠᠭ᠎ᠠ  ᠲᠠᠢ᠂ ᠬᠤᠳᠠᠯᠳᠤᠭᠠᠴᠢᠳ ᠢᠳᠡᠭᠡᠨ ᠤ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠲᠠᠸᠠᠷ ᠤᠨ ᠲᠦᠷᠦᠯ ᠵᠦᠢᠯ ᠢ ᠪᠠᠶᠠᠯᠢᠭᠵᠢᠭᠤᠯᠵᠤ᠂ ᠬᠠᠩᠭᠠᠯᠭ᠎ᠠ ᠶᠢ ᠪᠠᠲᠤᠯᠠᠬᠤ ᠶᠢᠨ ᠬᠠᠮᠲᠤ ᠳᠣᠲᠣᠭᠠᠳᠤ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠢᠳᠡᠭᠡᠨ ᠤ ᠪᠠᠷᠠᠭ᠎ᠠ ᠣᠷᠣᠭᠤᠯᠬᠤ ᠪᠣᠭᠤᠮᠲᠠ ᠶᠢ ᠴᠢᠩᠭ᠎ᠠ ᠠᠳᠬᠤᠵᠤ᠂ ᠦᠨᠡᠨᠴᠢ ᠢᠲᠡᠭᠡᠮᠵᠢᠲᠡᠢ ᠪᠠᠷ ᠡᠵᠡᠩᠨᠡᠬᠦ᠂ ᠬᠠᠤᠯᠢ ᠶᠢ ᠰᠠᠬᠢᠵᠤ ᠡᠵᠡᠩᠨᠡᠬᠦ ᠪᠠ ᠠᠮᠤᠷ ᠲᠦᠪᠰᠢᠨ ᠢᠶᠠᠷ ᠡᠵᠡᠩᠨᠡᠬᠦ ᠶᠢ ᠦᠨᠡᠨᠬᠦ ᠪᠡᠶᠡᠯᠡᠭᠦᠯᠬᠦ ᠶᠢᠨ ᠬᠠᠮᠲᠤ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠣᠷᠣᠨ ᠪᠠᠶᠢᠷᠢ ᠶᠢᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠤᠯᠠᠨ ᠲᠦᠮᠡᠨ ᠳᠤ ᠰᠠᠨᠠᠭ᠎ᠠ ᠠᠮᠤᠷ ᠪᠠᠷᠠᠭ᠎ᠠ ᠬᠤᠳᠠᠯᠳᠤᠨ ᠠᠪᠬᠤ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃
    ᠳ᠋ᠧ ᠱᠦᠨ ᠶᠤᠸᠠᠨ ᠬᠤᠭᠤᠯᠠᠨ ᠭᠡᠷ ᠲᠤ᠂ ᠶᠠᠩ ᠰᠢᠩ ᠱᠧᠩ ᠲᠤᠬᠠᠢ ᠶᠢᠨ ᠲᠠᠯᠠᠪᠠᠶ ᠳᠤ ᠭᠠᠯ ᠤᠨᠲᠠᠷᠠᠭᠠᠭᠤᠷ ᠪᠣᠯᠣᠨ ᠰᠢᠲᠠᠮᠠᠬᠠᠢ ᠬᠡᠢ ᠶᠢᠨ ᠲᠦᠭᠰᠢᠭᠦᠷᠢ ᠮᠡᠳᠡᠭᠡᠯᠡᠬᠦ ᠲᠥᠬᠦᠭᠡᠷᠦᠮᠵᠢ ᠵᠡᠷᠭᠡ ᠭᠠᠯ ᠰᠡᠷᠭᠡᠶᠢᠯᠡᠵᠦ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠶᠢᠨ ᠪᠠᠶᠢᠳᠠᠯ ᠢ ᠪᠠᠶᠢᠴᠠᠭᠠᠵᠤ᠂ ᠡᠭᠦᠨ ᠤ ᠬᠠᠮᠲᠤ ᠲᠣᠭᠤᠭᠠᠨ ᠭᠡᠷ ᠲᠤ ᠣᠷᠣᠵᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠢᠳᠡᠭᠡᠨ ᠤ ᠥᠯᠢᠭᠡᠷ ᠡᠳ᠋ ᠦᠯᠡᠳᠡᠭᠡᠬᠦ ᠪᠠ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠭᠰᠠᠨ ᠵᠡᠷᠭᠡ ᠪᠠᠶᠢᠳᠠᠯ ᠢ ᠪᠠᠶᠢᠴᠠᠭᠠᠨ ᠦᠵᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠬᠦᠷᠢᠶᠡᠨ ᠳᠠᠬᠢ ᠢᠳᠡᠭᠡᠨ ᠤ ᠠᠮᠤᠷ ᠲᠦᠪᠰᠢᠨ ᠤ ᠠᠵᠢᠯ ᠤᠨ ᠵᠢᠯᠣᠭᠤᠳᠤᠯᠭ᠎ᠠ ᠪᠠ ᠰᠢᠪᠠᠳᠠᠨ ᠪᠠᠶᠢᠴᠠᠭᠠᠯᠲᠠ ᠪᠠᠨ ᠴᠢᠩᠭᠠᠳᠬᠠᠵᠤ᠂ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠥᠷᠭᠡᠨ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠢᠳᠡᠭᠡᠨ ᠤᠮᠳᠠᠭᠠᠨ ᠤ ᠠᠵᠤ ᠠᠬᠤᠶᠢᠯᠠᠯ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ ᠢᠳᠡᠭᠡᠨ ᠬᠤᠳᠠᠯᠳᠤᠨ ᠠᠪᠬᠤ᠂ ᠬᠠᠳᠠᠭᠠᠯᠠᠬᠤ᠂ ᠡᠳ᠋ᠰᠢᠭᠦᠯᠬᠦ᠂ ᠦᠢᠯᠡᠳᠬᠦ ᠵᠡᠷᠭᠡ ᠭᠤᠭᠴᠤᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠡᠷᠡᠭᠯᠡᠭᠴᠢᠳ ᠤᠨ ᠡᠷᠡᠭᠦᠯ ᠮᠡᠨᠳᠦ᠂ ᠰᠠᠨᠠᠭ᠎ᠠ ᠠᠮᠤᠷ ᠢᠳᠡᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃  
    ᠦᠴᠦᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ᠂ ᠶᠠᠩ ᠰᠢᠩ ᠱᠧᠩ ᠨᠠᠷ ᠵᠢᠭᠠᠨ ᠰᠤᠷᠭᠠᠯᠲᠠ ᠶᠢᠨ ᠠᠰᠠᠷ᠂ ᠠᠮᠤᠷ ᠢ ᠬᠠᠮᠠᠭᠠᠯᠠᠬᠤ ᠲᠠᠰᠤᠭ᠂ ᠬᠢᠨᠠᠨ ᠡᠵᠡᠮᠳᠡᠬᠦ ᠲᠠᠰᠤᠭ ᠵᠡᠷᠭᠡ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ ᠲᠠᠢ ᠭᠠᠵᠠᠷ ᠲᠤ ᠣᠷᠣᠵᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠥᠬᠦᠭᠡᠷᠦᠮᠵᠢ ᠶᠢᠨ ᠲᠣᠬᠢᠷᠠᠭᠤᠯᠤᠯᠲᠠ᠂ ᠠᠶᠤᠯᠭᠦᠢ ᠨᠡᠪᠲᠡᠷᠡᠬᠦ ᠵᠠᠮ ᠵᠡᠷᠭᠡ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠵᠦ᠂ ᠪᠥᠬᠦ ᠪᠠᠭᠰᠢ ᠰᠤᠷᠤᠭᠴᠢᠳ ᠪᠣᠯᠣᠨ ᠠᠮᠤᠷ ᠢ ᠬᠠᠮᠠᠭᠠᠯᠠᠬᠤ ᠠᠵᠢᠯᠲᠠᠨ ᠤ ᠡᠳᠦᠷ ᠲᠤᠲᠤᠮ ᠤᠨ ᠪᠣᠯᠪᠠᠰᠤᠷᠠᠭᠤᠯᠤᠯ ᠤᠨ ᠬᠠᠮᠢᠶᠠᠷᠤᠯᠲᠠ ᠶᠢ ᠴᠢᠩᠭᠠᠷᠠᠭᠤᠯᠵᠤ᠂ ᠡᠯ᠎ᠡ ᠵᠦᠢᠯ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠳᠤᠲᠠᠭᠤᠳᠠᠯ ᠪᠣᠯᠣᠨ ᠳᠠᠯᠳᠠ ᠬᠡᠮ ᠢ ᠪᠠᠶᠢᠩᠭᠤᠵᠢᠭᠤᠯᠤᠨ ᠪᠠᠶᠢᠴᠠᠭᠠᠵᠤ᠂ ᠵᠢᠭᠰᠠᠭᠠᠨ ᠪᠠᠶᠢᠴᠠᠭᠠᠵᠤ ᠭᠠᠷᠭᠠᠭᠰᠠᠨ ᠠᠰᠠᠭᠤᠳᠠᠯ ᠳᠤ ᠬᠠᠷᠢᠭᠤᠴᠠᠯᠭ᠎ᠠ ᠲᠣᠭᠲᠠᠭᠠᠬᠤ᠂ ᠬᠥᠮᠥᠨ ᠲᠣᠭᠲᠠᠭᠠᠬᠤ᠂ ᠴᠠᠭ ᠬᠤᠭᠤᠴᠠᠭ᠎ᠠ ᠲᠣᠭᠲᠠᠭᠠᠬᠤ ᠶᠢ ᠬᠡᠷᠡᠭᠵᠢᠭᠦᠯᠵᠦ᠂ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠢ ᠴᠢᠩᠭ᠎ᠠ ᠰᠡᠷᠭᠡᠶᠢᠯᠡᠨ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ᠂ ᠬᠦᠴᠦᠲᠡᠢ ᠠᠷᠭ᠎ᠠ ᠬᠡᠮᠵᠢᠶ᠎ᠡ ᠪᠣᠯᠣᠨ ᠪᠦᠷᠢᠨ ᠲᠡᠭᠦᠯᠳᠡᠷ ᠳᠦᠷᠢᠮ ᠢᠶᠠᠷ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠥᠷᠭᠡᠨ ᠣᠯᠠᠨ ᠪᠠᠭᠰᠢ ᠰᠤᠷᠤᠭᠴᠢᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠸᠠᠷ ᠫᠤᠤᠵᠢᠩ ᠤᠨ ᠵᠢᠵᠢᠭᠯᠡᠨ ᠬᠤᠳᠠᠯᠳᠤᠬᠤ ᠭᠠᠵᠠᠷ ᠲᠤ᠂ ᠶᠠᠩ ᠰᠢᠩ ᠱᠧᠩ ᠬᠤᠸᠠᠷ ᠫᠤᠤᠵᠢᠩ ᠤᠨ ᠵᠢᠵᠢᠭᠯᠡᠨ ᠬᠤᠳᠠᠯᠳᠤᠬᠤ ᠭᠠᠵᠠᠷ ᠢ ᠦᠨᠡᠮᠯᠡᠯ ᠲᠠᠢ ᠪᠠᠷ ᠡᠵᠡᠩᠨᠡᠵᠦ ᠪᠠᠶᠢᠬᠤ ᠡᠰᠡᠬᠦ᠂ ᠬᠤᠸᠠᠷ ᠫᠤᠤᠵᠢᠩ ᠤᠨ ᠪᠠᠷᠠᠭ᠎ᠠ ᠣᠷᠣᠭᠤᠯᠬᠤ ᠵᠠᠮ ᠢ ᠵᠢᠩᠬᠢᠨᠢᠴᠢᠯᠡᠭᠰᠡᠨ ᠡᠰᠡᠬᠦ᠂ ᠪᠣᠷᠣᠯᠠᠭᠤᠯᠬᠤ ᠭᠠᠵᠠᠷ ᠪᠣᠯᠣᠨ ᠬᠠᠳᠠᠭᠠᠯᠠᠬᠤ ᠭᠠᠵᠠᠷ ᠤᠨ ᠳᠣᠲᠣᠷᠠᠬᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠥᠬᠦᠭᠡᠷᠦᠮᠵᠢ᠂ ᠠᠮᠤᠷ ᠲᠦᠪᠰᠢᠨ ᠤ ᠳᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ ᠵᠡᠷᠭᠡ ᠲᠠᠯ᠎ᠠ ᠪᠠᠷ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠵᠡᠢ᠃ ᠴᠠᠭᠠᠨ ᠰᠠᠷ᠎ᠠ ᠶᠢᠨ ᠬᠤᠭᠤᠴᠠᠭ᠎ᠠ ᠪᠣᠯ ᠬᠤᠸᠠᠷ ᠫᠤᠤᠵᠢᠩ ᠤᠨ ᠪᠣᠷᠤᠯᠠᠭᠤᠯᠭ᠎ᠠ ᠶᠢᠨ ᠬᠥᠭᠵᠢᠯᠲᠡᠢ ᠤᠯᠠᠷᠢᠯ ᠮᠥᠨ᠂ ᠡᠯ᠎ᠡ ᠰᠠᠯᠠᠭ᠎ᠠ ᠮᠥᠴᠢᠷ ᠤᠨ ᠬᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠬᠤᠸᠠᠷ ᠫᠤᠤᠵᠢᠩ ᠤᠨ ᠲᠦᠷ ᠴᠠᠭ ᠤᠨ ᠵᠢᠵᠢᠭᠯᠡᠨ ᠬᠤᠳᠠᠯᠳᠤᠬᠤ ᠭᠠᠵᠠᠷ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠶᠢᠷᠢᠯᠠᠭᠤᠯᠵᠤ᠂ ᠵᠣᠬᠢᠬᠤ ᠲᠣᠭᠠᠨ ᠤ ᠭᠠᠯ ᠤᠨᠲᠠᠷᠠᠭᠠᠭᠤᠷ ᠵᠡᠷᠭᠡ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠲᠥᠬᠦᠭᠡᠷᠦᠮᠵᠢ ᠶᠢ ᠲᠣᠭᠲᠠᠭᠠᠯ ᠶᠣᠰᠣᠭᠠᠷ ᠲᠣᠬᠢᠷᠠᠭᠤᠯᠵᠤ᠂ ︽ᠢᠯᠡ ᠭᠠᠯ ᠢ ᠴᠢᠩᠭ᠎ᠠ ᠴᠠᠭᠠᠵᠠᠯᠠᠬᠤ︾ ᠵᠡᠷᠭᠡ ᠠᠮᠤᠷ ᠲᠦᠪᠰᠢᠨ ᠤ ᠵᠠᠷᠯᠠᠯ ᠢ ᠰᠠᠶᠢᠲᠤᠷ ᠬᠢᠵᠦ᠂ ᠲᠤᠬᠠᠢ ᠶᠢᠨ ᠲᠠᠯᠠᠪᠠᠢ ᠶᠢᠨ ᠡᠵᠡᠩᠨᠡᠯᠲᠡ ᠶᠢᠨ ᠡᠮᠬᠢ ᠳᠢᠭᠯᠢᠮ ᠢ ᠬᠠᠮᠠᠭᠠᠯᠠᠬᠤ ᠬᠠᠮᠢᠶᠠᠷᠤᠯᠲᠠ ᠶᠢ ᠴᠢᠩᠳᠠᠯᠠᠵᠤ᠂ ᠪᠦᠬᠦ ᠰᠢᠶᠠᠨ ᠤ ᠤᠯᠠᠨ ᠲᠦᠮᠡᠨ ᠳᠤ ︽ᠠᠶᠤᠯᠭᠦᠢ ᠬᠤᠸᠠᠷ ᠫᠤᠤᠵᠢᠩ︾ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ︵ᠰᠤᠷᠪᠤᠯᠵᠢᠯᠠᠭᠴᠢ᠄ ᠯᠢᠦᠢ ᠫᠢᠩ ᠫᠢᠩ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号