ᠮᠠᠨ ᠤ ᠣᠷᠣᠨ ᠡᠩ ᠤᠨ ᠵᠠᠰᠠᠮᠠᠯ ᠵᠠᠮ ᠤᠨ ᠨᠤᠷᠠᠬᠤ ᠠᠶᠤᠯᠲᠠᠢ 242 ᠬᠥᠭᠦᠷᠭᠡ ᠶᠢ ᠥᠭᠡᠷᠡᠴᠢᠯᠡᠨ ᠪᠠᠶᠢᠭᠤᠯᠵᠠᠢ
ᠨᠡᠶᠢᠲᠡᠯᠡᠭᠰᠡᠨ ᠴᠠᠭ᠄
2024/2/6
     ᠪᠦᠭᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠤᠨ ᠬᠤᠷᠠᠯ ᠠᠴᠠ ᠣᠶᠢᠯᠠᠭᠠᠭᠰᠠᠨ ᠢᠶᠠᠷ᠂ 2023 ᠣᠨ ᠳᠤ ᠮᠠᠨ ᠤ ᠣᠷᠣᠨ ᠬᠥᠳᠡᠭᠡ ᠲᠣᠰᠬᠤᠨ ᠤ ᠵᠠᠰᠠᠮᠠᠯ ᠵᠠᠮ ᠤᠨ ᠠᠮᠤᠷ ᠲᠦᠪᠰᠢᠨ ᠪᠠ ᠠᠮᠢ  ᠨᠠᠰᠤᠨ  ᠤ ᠬᠠᠮᠠᠭᠠᠯᠠᠯᠲᠠ ᠶᠢᠨ ᠢᠨᠵᠧᠨᠧᠷᠢᠩ ᠢ 1143 ᠺᠢᠯᠣᠮᠧᠲᠷ ᠪᠡᠶᠡᠯᠡᠭᠦᠯᠵᠦ᠂ ᠡᠩ ᠤᠨ ᠵᠠᠰᠠᠮᠠᠯ ᠵᠠᠮ ᠤᠨ ᠨᠤᠷᠠᠬᠤ ᠠᠶᠤᠯᠲᠠᠢ 242 ᠬᠥᠭᠦᠷᠭᠡ ᠶᠢ ᠥᠭᠡᠷᠡᠴᠢᠯᠡᠨ ᠪᠠᠶᠢᠭᠤᠯᠪᠠ᠃ ᠡᠭᠦᠨ ᠤ ᠬᠠᠮᠲᠤ ᠪᠠᠰᠠ ᠭᠤᠣᠯ ᠱᠤᠭᠤᠮ ᠤᠨ ᠵᠠᠰᠠᠮᠠᠯ ᠵᠠᠮ ᠢ  ᠠᠷᠠᠴᠢᠯᠠᠨ ᠬᠠᠮᠠᠭᠠᠯᠠᠬᠤ  ᠢᠨᠵᠧᠨᠧᠷᠢᠩ ᠢ 4216 ᠺᠢᠯᠣᠮᠧᠲᠷ  ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠢ 10854 ᠺᠢᠯᠣᠮᠧᠲᠷ  ᠬᠡᠷᠡᠭᠵᠢᠭᠦᠯᠵᠡᠢ᠃      ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ 2023 ᠣᠨ ᠳᠤ ︽ᠬᠤᠶᠠᠷ ᠢ ᠰᠢᠯᠢᠳᠡᠭᠵᠢᠭᠦᠯᠬᠦ︾ ᠲᠤᠰᠬᠠᠢ ᠠᠵᠢᠯᠯᠠᠭ᠎ᠠ ᠪᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠭᠤᠷᠪᠠᠨ ᠱᠠᠲᠤᠨ ᠤ ᠦᠢᠯᠡᠴᠢᠯᠡᠭᠡᠨ ᠤ ᠵᠦᠢᠯᠡᠰ ᠤᠨ ᠠᠵᠢᠯ ᠶᠠᠪᠤᠳᠠᠯ ᠭᠦᠢᠴᠡᠳᠬᠡᠬᠦ  ᠵᠦᠭᠯᠡᠭᠦᠷ   ᠢ ᠨᠡᠶᠢᠲᠡᠯᠡᠵᠦ᠂ ᠠᠵᠢᠯ ᠶᠠᠪᠤᠳᠠᠯ ᠭᠦᠢᠴᠡᠳᠬᠡᠬᠦ 54 ᠴᠢᠬᠤᠯᠠ ᠨᠥᠬᠦᠴᠡᠯ ᠢ ᠬᠦᠴᠦᠨ ᠦᠭᠡᠢ ᠪᠤᠯᠭᠠᠪᠠ᠃ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠲᠤᠬᠠᠶᠢᠯᠠᠭᠰᠠᠨ ᠠᠵᠢᠯ ᠢ ᠨᠡᠶᠢᠲᠡ 31 ᠲᠦᠮᠡᠨ ᠬᠤᠪᠢ ᠭᠥᠯᠢᠶᠡᠨ ᠠᠪᠴᠤ ᠰᠢᠢᠳᠪᠦᠷᠢᠯᠡᠨ᠂ ᠰᠢᠢᠳᠪᠦᠷᠢᠯᠡᠭᠰᠡᠨ ᠨᠣᠷᠮ᠎ᠠ ᠪᠠ ᠰᠠᠶᠢᠨ ᠦᠨᠡᠯᠡᠯᠲᠡ ᠶᠢᠨ ᠨᠣᠷᠮ᠎ᠠ   ᠨᠢ  ᠲᠣᠰ ᠲᠣᠰ 93.9% ᠪᠠ 98% ᠳᠤ ᠭᠦᠷᠪᠡ᠃ ᠠᠷᠠᠳ ᠣᠯᠠᠨ ᠤ ᠲᠤᠰᠬᠠᠯ ᠢᠶᠠᠷ ᠴᠢᠩᠭ᠎ᠠ ᠪᠠᠶᠢᠭ᠎ᠠ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠨ ᠲᠤᠰᠬᠠᠢ ᠴᠡᠭᠴᠡᠯᠡᠨ ᠵᠠᠰᠠᠬᠤ ᠠᠵᠢᠯ ᠥᠷᠨᠢᠭᠦᠯᠵᠦ᠂ ETC ᠲᠥᠬᠦᠭᠡᠷᠦᠮᠵᠢ ᠶᠢ  ᠰᠣᠯᠢᠬᠤ᠂ ᠵᠢᠯᠣᠭᠤᠴᠢ ᠶᠢᠨ ᠪᠣᠯᠪᠠᠰᠤᠷᠠᠯ ᠤᠨ ᠲᠦᠪᠰᠢᠨ ᠠᠨᠠᠢ ᠪᠠᠶᠢᠬᠤ ᠵᠡᠷᠭᠡ  ᠠᠰᠠᠭᠤᠳᠠᠯ   ᠢ ᠦᠨᠡᠨ ᠬᠦ ᠰᠠᠶᠢᠵᠢᠷᠠᠭᠤᠯᠪᠠ᠃ ᠠᠮᠤᠷ ᠲᠦᠪᠰᠢᠨ ᠤ ᠳᠠᠯᠳᠠ ᠭᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ 3036 ᠠᠰᠠᠭᠤᠳᠠᠯ ᠢ ᠵᠢᠭᠰᠠᠭᠠᠨ ᠪᠠᠶᠢᠴᠠᠭᠠᠵᠤ᠂ ᠴᠡᠭᠴᠡᠯᠡᠨ ᠵᠠᠰᠠᠭᠰᠠᠨ ᠨᠣᠷᠮ᠎ᠠ 99.7% ᠳᠤ ᠭᠦᠷᠪᠡ᠃ ᠪᠦᠭᠦ ᠵᠢᠯ ᠳᠤ ︽ᠭᠡᠨᠡᠳᠲᠡ ᠶᠢᠨ ᠬᠡᠷᠡᠭ ᠤᠨ ᠵᠠᠮ ᠲᠡᠭᠡᠭᠡᠪᠦᠷᠢ ᠶᠢᠨ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ︾ ᠵᠡᠷᠭᠡ 7 ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ  ᠨᠠᠶᠢᠷᠠᠭᠤᠯᠤᠨ ᠵᠣᠬᠢᠶᠠᠵᠤ᠂ ᠵᠠᠰᠠᠮᠠᠯ ᠵᠠᠮ᠂ ᠤᠰᠤᠨ ᠵᠠᠮ ᠪᠣᠯᠣᠨ ᠲᠡᠮᠦᠷ ᠵᠠᠮ  ᠤᠨ ᠵᠠᠮ ᠬᠠᠷᠢᠯᠴᠠᠭᠠᠨ ᠤ ᠪᠠᠴᠢᠮ ᠪᠠᠶᠢᠳᠠᠯ ᠢ ᠠᠷᠭᠠᠴᠠᠭᠠᠬᠤ 679 ᠰᠠᠯᠠᠭ᠎ᠠ ᠠᠪᠤᠷᠠᠨ ᠲᠤᠰᠠᠯᠠᠬᠤ ᠡᠩᠨᠡᠭᠡ ᠶᠢ ᠪᠠᠶᠢᠭᠤᠯᠵᠤ᠂ ᠪᠠᠰᠠ ᠴᠠᠭ ᠠᠭᠤᠷ᠂ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠰᠠᠯᠠᠭ᠎ᠠ ᠮᠥᠴᠢᠷ ᠯᠦᠭᠡ ᠬᠤᠯᠪᠤᠭᠠᠯᠠᠨ ᠬᠥᠳᠡᠯᠦᠯᠴᠡᠵᠦ᠂ ᠰᠡᠷᠡᠮᠵᠢᠯᠡᠭᠦᠯᠭᠦ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号