ᠮᠠᠨ ᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠢᠯᠢ ᠠᠯᠤᠰᠯᠠᠨ ᠵᠣᠭᠤᠰ ᠮᠥᠷᠥᠶᠢᠴᠡᠭᠰᠡᠨ ᠬᠡᠷᠡᠭ ᠢ 863 ᠲᠠᠩᠨᠠᠨ ᠰᠢᠢᠳᠪᠦᠷᠢᠯᠡᠵᠡᠢ
ᠨᠡᠶᠢᠲᠡᠯᠡᠭᠰᠡᠨ ᠴᠠᠭ᠄
2024/2/6
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠲᠦᠷᠦᠭᠦᠬᠡᠨ ᠬᠤᠷᠠᠯᠳᠤᠭᠤᠯᠤᠭᠰᠠᠨ ᠪᠦᠭᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠠᠯᠤᠰᠯᠠᠨ ᠵᠣᠭᠤᠰ ᠮᠥᠷᠥᠶᠢᠴᠡᠬᠦ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ 2020 ᠣᠨ ᠤ 4 ᠰᠠᠷ᠎ᠠ ᠠᠴᠠ ᠨᠠᠭᠠᠰᠢ ᠮᠠᠨ ᠤ ᠣᠷᠣᠨ ᠨᠡᠶᠢᠳᠡ ᠡᠯ᠎ᠡ ᠵᠦᠢᠯ ᠤᠨ ᠬᠢᠯᠢ ᠠᠯᠤᠰᠯᠠᠨ ᠵᠣᠭᠤᠰ ᠮᠥᠷᠥᠶᠢᠴᠡᠭᠰᠡᠨ ᠬᠡᠷᠡᠭ ᠢ 863 ᠲᠠᠩᠨᠠᠨ ᠰᠢᠢᠳᠪᠦᠷᠢᠯᠡᠵᠦ᠂ ᠣᠷᠣᠨ ᠤ ᠳᠣᠲᠣᠨ᠎ᠠ ᠭᠠᠳᠠᠨᠠᠬᠢ 4625 ᠶᠠᠯ᠎ᠠ ᠶᠢᠨ ᠰᠡᠵᠢᠭᠲᠡᠨ ᠢ ᠪᠠᠷᠢᠪᠴᠢᠯᠠᠨ᠂ ᠬᠡᠷᠡᠭ ᠲᠤ ᠬᠤᠯᠪᠣᠭᠳᠠᠭᠰᠠᠨ 16.1 ᠭᠠᠷᠤᠢ ᠳ᠋ᠦᠩᠰᠢᠭᠤᠷ ᠲᠥᠭᠦᠷᠢᠭ ᠢ ᠪᠠᠶᠢᠴᠠᠭᠠᠨ ᠬᠤᠷᠢᠶᠠᠮᠵᠢᠯᠠᠵᠠᠢ᠃      2020 ᠣᠨ ᠤ 4 ᠰᠠᠷ᠎ᠠ ᠠᠴᠠ ᠡᠬᠢᠯᠡᠨ᠂ ᠮᠠᠨ ᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠢᠯᠢ ᠠᠯᠤᠰᠯᠠᠨ ᠰᠦᠯᠵᠢᠶ᠎ᠡ ᠪᠠᠷ ᠵᠣᠭᠤᠰ ᠮᠥᠷᠥᠶᠢᠴᠡᠬᠦ᠂ ᠬᠢᠯᠢ ᠠᠴᠠ ᠭᠠᠷᠴᠤ ᠵᠣᠭᠤᠰ ᠮᠥᠷᠥᠶᠢᠴᠡᠬᠦ ᠠᠵᠢᠯᠯᠠᠭ᠎ᠠ  ᠳᠤ ᠣᠷᠤᠯᠴᠠᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠢᠯᠢ ᠠᠯᠤᠰᠯᠠᠨ ᠵᠣᠭᠤᠰ ᠮᠥᠷᠥᠶᠢᠴᠡᠬᠦ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠤᠯᠠᠨ ᠰᠠᠯᠠᠭ᠎ᠠ ᠮᠥᠴᠢᠷ ᠬᠤᠯᠪᠤᠭᠠᠯᠠᠨ ᠤᠷᠤᠯᠴᠠᠬᠰᠠᠨ ᠠᠵᠢᠯ ᠤᠨ ᠲᠤᠰᠬᠠᠢ ᠪᠠᠭ ᠢ ᠪᠠᠶᠢᠭᠤᠯᠤᠨ᠂ ᠴᠣᠬᠢᠯᠲᠠ ᠥᠭᠬᠦ᠂ ᠶᠡᠷᠦᠩᠬᠡᠶᠢᠯᠡᠨ ᠵᠠᠰᠠᠬᠤ ᠵᠡᠷᠭᠡ ᠰᠢᠷᠢᠰ ᠠᠵᠢᠯ ᠤᠨ ᠠᠷᠭ᠎ᠠ ᠬᠡᠮᠵᠢᠶ᠎ᠡ ᠠᠪᠴᠤ᠂ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠵᠣᠭᠤᠰ ᠮᠥᠷᠥᠶᠢᠴᠡᠬᠦ ᠲᠠᠪᠴᠠᠩ ᠪᠠ ᠵᠣᠭᠤᠰ ᠮᠥᠷᠥᠶᠢᠴᠡᠬᠦ ᠲᠠᠢ ᠬᠤᠯᠪᠣᠭᠳᠠᠭᠰᠠᠨ APP ᠶᠢ 336 ᠰᠦᠢᠷᠡᠭᠦᠯᠵᠡᠢ᠃ ᠪᠠᠶᠢᠴᠠᠭᠠᠬᠤ ᠬᠤᠷᠢᠶ᠎ᠠ ᠰᠢᠭᠦᠬᠦ ᠬᠤᠷᠢᠶ᠎ᠠ ᠯᠤᠭ᠎ᠠ ᠵᠥᠪᠳᠡᠯᠴᠡᠨ ᠰᠤᠳᠤᠯᠬᠤ ᠲᠣᠭᠲᠠᠴᠠ ᠶᠢ ᠨᠠᠶᠢᠳᠠᠪᠤᠷᠢᠵᠢᠭᠤᠯᠤᠨ ᠠᠬᠢᠭᠤᠯᠵᠤ᠂ ᠬᠢᠯᠢ ᠠᠯᠤᠰᠯᠠᠨ ᠵᠣᠭᠤᠰ ᠮᠥᠷᠥᠶᠢᠴᠡᠬᠦ ᠶᠠᠯᠠᠲᠤ ᠠᠵᠢᠯᠯᠠᠭ᠎ᠠ ᠶᠢ ᠴᠢᠩᠭ᠎ᠠ ᠰᠢᠢᠳᠭᠡᠵᠡᠢ᠃ ᠡᠯ᠎ᠡ ᠵᠦᠢᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠪᠣᠯᠣᠨ ᠲᠠᠩᠨᠠᠨ ᠪᠠᠶᠢᠴᠠᠭᠠᠬᠤ ᠠᠷᠭ᠎ᠠ ᠶᠢ ᠲᠥᠯᠥᠪᠵᠢᠭᠦᠯᠦᠨ ᠠᠰᠢᠭᠯᠠᠵᠤ᠂ ᠵᠣᠭᠤᠰ ᠮᠥᠷᠥᠶᠢᠴᠡᠬᠦ ᠲᠠᠢ ᠬᠤᠯᠪᠣᠭᠳᠠᠭᠰᠠᠨ ᠰᠦᠪᠡᠭᠴᠢ ᠶᠢ ᠴᠤᠭᠯᠠᠭᠤᠯᠤᠨ ᠵᠢᠭᠰᠠᠭᠠᠨ ᠪᠠᠶᠢᠴᠠᠭᠠᠵᠤ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠨᠡᠶᠢᠳᠡ ᠡᠯ᠎ᠡ ᠵᠦᠢᠯ ᠤᠨ ᠵᠣᠭᠤᠰ ᠮᠥᠷᠥᠶᠢᠴᠡᠬᠦ ᠲᠠᠢ ᠬᠤᠯᠪᠣᠭᠳᠠᠭᠰᠠᠨ ᠰᠦᠪᠡᠭᠴᠢ ᠶᠢᠨ ᠮᠡᠳᠡᠭᠡ ᠵᠠᠩᠭᠢ ᠶᠢ 12 ᠲᠦᠮᠡ ᠭᠠᠷᠤᠢ ᠵᠤᠷᠪᠤᠰ ᠴᠤᠬᠯᠠᠭᠤᠯᠵᠠᠢ᠃ ᠲᠤᠰᠬᠠᠢ ᠬᠡᠷᠡᠭ ᠤᠨ ᠪᠣᠭᠤᠮᠲᠠ ᠰᠢᠪᠲᠤᠯᠬᠤ ᠠᠵᠢᠯ ᠢ ᠴᠢᠩᠭᠠᠳᠬᠠᠨ᠂ ᠳᠠᠪᠠᠭᠤᠯᠢᠭ ᠬᠦᠴᠦᠨ ᠢ ᠲᠥᠪᠯᠡᠷᠡᠭᠦᠯᠦᠨ ᠭᠤᠣᠯᠳᠠᠯᠭ᠎ᠠ ᠲᠠᠢ ᠪᠣᠭᠤᠮᠲᠠ ᠰᠢᠪᠲᠤᠯᠤᠨ᠂ ᠤᠷᠢᠳ ᠬᠤᠵᠢᠳ 103 ᠬᠦᠨᠳᠦ ᠶᠡᠭᠡ ᠬᠡᠷᠡᠭ ᠢ ᠲᠠᠩᠨᠠᠨ ᠢᠯᠡᠷᠡᠭᠦᠯᠵᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号