︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠪᠠᠷ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠤᠨ᠎ᠠ
ᠨᠡᠶᠢᠲᠡᠯᠡᠭᠰᠡᠨ ᠴᠠᠭ᠄
2024/2/7
     2 ᠰᠠᠷ᠎ᠠ ᠶᠢᠨ 3 ᠤ ᠡᠳᠦᠷ᠂ 2024 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢ ᠨᠡᠶᠢᠲᠡᠯᠡᠪᠡ᠃ ︽︿ᠮᠢᠩᠭ᠎ᠠ ᠲᠦᠮᠡ ᠶᠢᠨ ᠢᠨᠵᠧᠨᠧᠷᠢᠩ﹀ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ︾᠂︽ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠷ ᠰᠢᠨ᠎ᠡ ᠴᠠᠭ ᠦᠶ᠎ᠡ ᠰᠢᠨ᠎ᠡ ᠠᠶᠠᠨ ᠤ ︿ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ﹀ ᠤ ᠠᠵᠢᠯ ᠤᠨ ᠶᠡᠷᠦᠩᠬᠡᠢ ᠭᠠᠷᠳᠠᠴᠠ ᠪᠤᠯᠭᠠᠬᠤ︾ ᠵᠡᠷᠭᠡ ᠴᠢᠬᠤᠯᠠ ᠳᠤᠷᠠᠳᠤᠯᠭ᠎ᠠ ᠪᠠᠶᠢᠷᠢᠯᠠᠭᠤᠯᠤᠯᠲᠠ ᠨᠢ ᠮᠠᠨ ᠤ ᠤᠯᠤᠰ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠦᠲᠦᠮᠵᠢᠲᠡᠶ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠨᠠᠩ ᠰᠠᠶᠢᠲᠤᠷ ᠠᠬᠢᠭᠤᠯᠬᠤ ᠢᠳᠡᠪᠬᠢᠲᠡᠢ ᠳᠣᠬᠢᠶ᠎ᠠ ᠶᠢ ᠳᠠᠮᠵᠢᠭᠤᠯᠪᠠ᠃      ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠵᠤ᠂ ᠬᠤᠲᠠ ᠬᠥᠳᠡᠭᠡ ᠣᠷᠣᠨ ᠪᠦᠰᠡ ᠶᠢᠨ ᠬᠥᠭᠵᠢᠯᠲᠡ ᠲᠡᠩᠴᠡᠭᠦᠷᠢ ᠦᠭᠡᠢ ᠪᠠᠶᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠠᠷᠪᠠᠨ ᠬᠤᠶᠠᠳᠠᠭᠢ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠪᠣᠯᠤᠭᠰᠠᠨ ᠤ ᠬᠤᠪᠢ ᠳᠤ᠂ ᠡᠨᠡ ᠵᠢᠯ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠨᠢ ︽ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠦᠲᠦᠮᠵᠢᠲᠡᠶ ᠠᠬᠢᠭᠤᠯᠬᠤ︾ ᠶᠢᠨ ᠲᠣᠭᠤᠷᠢᠨ ᠳᠤ ᠭᠤᠣᠯᠳᠠᠯᠭ᠎ᠠ ᠶᠢ ᠲᠣᠳᠣᠷᠬᠠᠶᠢᠯᠠᠬᠤ ᠪᠠ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠵᠡᠷᠭᠡ ᠲᠠᠯ᠎ᠠ ᠪᠠᠷ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠲᠠᠰᠤᠷᠠᠯᠲᠠ ᠦᠭᠡᠢ ᠪᠣᠳᠠᠲᠤ ᠴᠢᠨᠠᠷᠲᠠᠢ ᠠᠬᠢᠴᠠ᠂ ᠱᠠᠲᠤᠴᠢ ᠴᠢᠨᠠᠷᠲᠠᠢ ᠦᠷ᠎ᠡ ᠪᠦᠲᠦᠭᠡᠯ ᠣᠯᠬᠤ ᠪᠠᠷ ᠴᠢᠷᠮᠠᠶᠢᠪᠠ᠃      ᠴᠢᠬᠤᠯᠠ ᠵᠢᠯᠣᠭᠤᠳᠤᠮᠵᠢ ᠶᠢ ᠴᠢᠩᠭᠠᠳᠬᠠᠪᠠ - ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ᠂ ︽︿ᠮᠢᠩᠭ᠎ᠠ ᠲᠦᠮᠡ ᠶᠢᠨ ᠢᠨᠵᠧᠨᠧᠷᠢᠩ﹀ ᠳᠤ ᠠᠭᠤᠯᠤᠭᠳᠠᠵᠤ ᠪᠠᠶᠢᠭ᠎ᠠ ᠬᠥᠭᠵᠢᠯᠲᠡ ᠶᠢᠨ ᠣᠶᠢᠯᠠᠭᠠᠭᠳᠠᠬᠤᠨ᠂ ᠠᠵᠢᠯᠯᠠᠬᠤ ᠠᠷᠭ᠎ᠠ ᠪᠠ ᠠᠬᠢᠭᠤᠯᠬᠤ ᠲᠣᠭᠲᠠᠴᠠ ᠶᠢ ᠰᠤᠷᠤᠯᠴᠠᠨ ᠬᠡᠷᠡᠭᠯᠡᠬᠦ ᠬᠡᠷᠡᠭᠲᠡᠢ︾᠂ ︽︿ᠮᠢᠩᠭ᠎ᠠ ᠲᠦᠮᠡ ᠶᠢᠨ ᠢᠨᠵᠧᠨᠧᠷᠢᠩ﹀ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠪᠠᠷ ᠤᠳᠤᠷᠢᠳᠤᠮᠵᠢ ᠪᠤᠯᠭᠠᠬᠤ ᠬᠡᠷᠡᠭᠲᠡᠢ︾ ᠭᠡᠵᠦ ᠴᠢᠬᠤᠯᠠᠴᠢᠯᠠᠪᠠ᠂ ᠡᠨᠡ ᠬᠦ ᠪᠠᠶᠢᠷᠢᠯᠠᠭᠤᠯᠤᠯᠲᠠ ᠨᠢ ᠭᠦᠨ ᠵᠤᠵᠠᠭᠠᠨ ᠦᠢᠯᠡᠳᠦᠯᠭᠡ ᠶᠢᠨ ᠲᠤᠯᠭᠠᠭᠤᠷᠢᠯᠠᠯ ᠲᠠᠢ ᠶᠤᠮ᠃      ᠰᠢ ᠶᠢᠨ ᠫᠢᠩ ᠨᠥᠬᠦᠷ ᠵᠧᠵᠢᠶᠠᠩ ᠳᠤ ᠠᠵᠢᠯᠯᠠᠵᠤ ᠪᠠᠶᠢᠬᠤ ᠳᠠᠭᠠᠨ ᠪᠡᠶ᠎ᠡ ᠪᠠᠷ ᠢᠶᠠᠨ ᠲᠥᠰᠥᠪᠯᠡᠨ ᠠᠬᠢᠭᠤᠯᠤᠭᠰᠠᠨ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ︾ ᠢᠨᠵᠧᠨᠧᠷᠢᠩ ᠨᠢ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠴᠠ ᠭᠠᠷᠳᠠᠵᠤ᠂ ᠨᠢᠭᠡᠨᠲᠡ ᠬᠥᠳᠡᠭᠡ ᠲᠣᠰᠬᠤᠨ ᠤ ᠠᠵᠤ ᠠᠬᠤᠢ᠂ ᠤᠯᠤᠰ ᠲᠦᠷᠦ᠂ ᠰᠣᠶᠣᠯ᠂ ᠨᠡᠶᠢᠭᠡᠮ᠂ ᠠᠮᠢ ᠠᠬᠤᠢ ᠶᠢᠨ ᠪᠣᠯᠪᠠᠰᠤᠨ ᠪᠣᠯᠣᠨ ᠨᠠᠮ ᠤᠨ ᠪᠠᠶᠢᠭᠤᠯᠤᠯᠲᠠ ᠶᠢ ᠪᠠᠭᠲᠠᠭᠠᠭᠰᠠᠨ ᠰᠢᠰᠲ᠋ᠧᠮᠲᠦ ᠴᠢᠨᠠᠷᠲᠠᠢ ᠢᠨᠵᠧᠨᠧᠷᠢᠩ ᠪᠣᠯᠵᠤ᠂ ᠵᠧᠵᠢᠶᠠᠩ ᠤᠨ ᠬᠥᠳᠡᠭᠡ ᠲᠣᠰᠬᠤᠨ ᠤ ᠪᠦᠬᠦᠯᠢ ᠴᠣᠭᠴᠠ ᠶᠢᠨ ᠳᠦᠷᠰᠦ ᠪᠠᠶᠢᠳᠠᠯ ᠢ ᠬᠤᠪᠢᠷᠠᠭᠤᠯᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠤᠷᠢᠳ ᠢᠶᠠᠷ ᠬᠠᠶᠢᠨ ᠰᠦᠪᠡᠭᠴᠢᠯᠡᠵᠦ ᠵᠢᠱᠢᠶ᠎ᠡ ᠦᠵᠡᠭᠦᠯᠪᠡ᠃      ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠶᠢᠨ ᠵᠠᠩᠭᠢᠯᠠᠭ᠎ᠠ ᠨᠢ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠳᠤ ᠠᠭᠤᠯᠤᠭᠳᠠᠵᠤ ᠪᠠᠶᠢᠭ᠎ᠠ ᠣᠶᠢᠯᠠᠭᠠᠭᠳᠠᠬᠤᠨ ᠪᠠ ᠠᠷᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠡᠯ᠎ᠡ ᠭᠠᠵᠠᠷ ᠤᠨ ᠬᠢᠨ ᠰᠤᠷᠤᠯᠴᠠᠨ ᠯᠠᠪᠯᠠᠯᠲᠠ ᠪᠤᠯᠭᠠᠵᠤ ᠪᠣᠯᠣᠨ᠎ᠠ᠂ ᠭᠡᠪᠡᠴᠦ ᠦᠬᠦᠮᠡᠯ ᠢᠶᠠᠷ ᠨᠡᠭᠦᠯᠭᠡᠨ ᠬᠡᠷᠡᠭᠯᠡᠵᠦ᠂ ᠨᠢᠭᠡ ᠯᠡ ᠠᠳᠠᠯᠢ ᠪᠠᠷ ᠱᠠᠭᠠᠷᠳᠠᠵᠤ᠂ ᠴᠢᠨᠠᠭᠰᠢᠯᠠᠪᠠᠯ ᠳᠦᠷᠢ ᠲᠥᠷᠬᠦ ᠶᠢᠨ ᠢᠨᠵᠧᠨᠧᠷᠢᠩ ᠬᠢᠵᠦ ᠪᠤᠯᠬᠤ ᠦᠭᠡᠢ᠃ ᠵᠠᠩᠭᠢᠯᠠᠭ᠎ᠠ ᠨᠢ ᠬᠠᠰᠢᠯᠠ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠲᠤᠰ ᠪᠡᠶ᠎ᠡ ᠶᠢᠨ ᠬᠥᠭᠵᠢᠯᠲᠡ ᠮᠠᠨᠳᠤᠯᠲᠠ ᠳᠠᠭᠠᠨ ᠲᠣᠬᠢᠷᠠᠬᠤ ᠵᠠᠮ ᠢ ᠣᠯᠵᠤ᠂ ᠪᠦᠲᠦᠭᠡᠯᠴᠢ ᠴᠢᠨᠠᠷᠲᠠᠢ ᠪᠠᠷ ᠠᠵᠢᠯ ᠢᠶᠠᠨ ᠥᠷᠨᠢᠭᠦᠯᠬᠦ ᠬᠡᠷᠡᠭᠲᠡᠢ᠃      ᠠᠵᠢᠯ ᠤᠨ ᠭᠤᠣᠯᠳᠠᠯᠭ᠎ᠠ ᠶᠢ ᠰᠠᠶᠢᠲᠤᠷ ᠠᠳᠬᠤᠪᠠ - ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠠᠶᠢᠯᠠᠯᠳᠤᠭᠠᠨ ᠢ ᠬᠡᠷᠬᠢᠨ ᠰᠠᠶᠢᠲᠤᠷ ᠬᠢᠬᠦ ᠲᠤᠬᠠᠢ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠲᠤᠭᠤᠰᠢᠯᠠᠭᠳᠠᠭᠰᠠᠨ ︽ᠬᠤᠶᠠᠷ ᠢ ᠪᠠᠲᠤᠯᠠᠬᠤ᠂ ᠭᠤᠷᠪᠠ ᠶᠢ ᠳᠡᠭᠡᠭᠰᠢᠯᠡᠭᠦᠯᠭᠦ᠂ ᠬᠤᠶᠠᠷ ᠢ ᠴᠢᠩᠭᠠᠳᠬᠠᠬᠤ︾ ᠨᠢ ᠴᠢᠭᠯᠡᠯ ᠢ ᠲᠣᠳᠣᠷᠬᠠᠢ ᠵᠢᠭᠠᠵᠤ᠂ ᠨᠠᠮ ᠤᠨ ᠲᠥᠪ ᠬᠤᠷᠢᠶ᠎ᠠ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠪᠣᠯᠣᠨ᠎ᠠ᠃      ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ᠂ ᠬᠡᠪᠴᠢᠶᠡᠵᠢᠯ ᠤᠨ ᠴᠢᠨᠠᠷᠲᠠᠢ ᠪᠠᠷ ᠳᠠᠭᠢᠨ ᠶᠠᠳᠠᠭᠤᠷᠠᠬᠤ ᠦᠭᠡᠢ ᠪᠠᠶᠢᠬᠤ ᠶᠢ ᠪᠠᠲᠤᠯᠠᠨ᠎ᠠ᠃ ᠡᠨᠡ ᠪᠣᠯ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠤ ᠠᠵᠢᠯ ᠢ ᠰᠠᠶᠢᠲᠤᠷ ᠬᠢᠬᠦ ᠶᠢᠨ ᠬᠤᠷᠢᠭ᠎ᠠ ᠱᠤᠭᠤᠮ ᠤᠨ ᠡᠭᠦᠷᠭᠡ ᠮᠥᠨ᠂ ᠶᠠᠮᠠᠷ ᠴᠤ ᠠᠯᠳᠠᠰᠢ ᠭᠠᠷᠭᠠᠵᠤ ᠪᠤᠯᠬᠤ ᠦᠭᠡᠢ᠃ ᠮᠠᠨ ᠤ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ︽ᠬᠤᠷᠢᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠣᠭᠰᠠᠨ︾ ᠪᠤᠯᠪᠠᠴᠤ ᠠᠮᠤ ᠪᠤᠳᠠᠭᠠᠨ ᠤ ᠠᠮᠤᠷ ᠲᠦᠪᠰᠢᠨ ᠤ ᠠᠰᠠᠭᠤᠳᠠᠯ ᠳᠡᠭᠡᠷ᠎ᠡ ᠮᠥᠨ ᠯᠡ ᠥᠴᠥᠬᠡᠨ ᠴᠦ ᠠᠯᠮᠠᠶᠢᠷᠠᠨ ᠲᠠᠶᠢᠪᠤᠰᠢᠷᠠᠵᠤ ᠪᠤᠯᠬᠤ ᠦᠭᠡᠢ᠃ ᠵᠠᠩᠭᠢᠯᠠᠭ᠎ᠠ ᠨᠢ ᠡᠨᠡ ᠵᠢᠯ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠪᠣᠳᠠᠲᠠᠢ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ ᠰᠠᠶᠢᠲᠤᠷ ᠠᠳᠬᠤᠵᠤ᠂ 14 ᠳ᠋ᠦᠩᠰᠢᠭᠤᠷ ᠭᠠᠷᠤᠢ ᠬᠥᠮᠥᠨ ᠤ ᠪᠤᠳᠠᠭᠠᠨ ᠠᠶᠠᠭ᠎ᠠ ᠪᠠᠨ ᠨᠠᠩ ᠯᠠᠪᠳᠠᠭᠤᠨ ᠨᠠᠩ ᠪᠠᠲᠤ ᠪᠠᠬᠢ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠳᠠᠭᠢᠨ ᠶᠠᠳᠠᠭᠤᠷᠠᠬᠤ ᠶᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ᠃      ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠤᠨ᠎ᠠ᠃ ᠡᠯ᠎ᠡ ᠭᠠᠵᠠᠷ ᠤᠨ ᠪᠣᠳᠠᠲᠤ ᠪᠠᠶᠢᠳᠠᠯ ᠪᠠ ᠲᠠᠷᠢᠶᠠᠴᠢᠳ ᠤᠨ ᠬᠡᠷᠡᠭᠴᠡᠭᠡ ᠠᠴᠠ ᠡᠭᠦᠰᠴᠦ᠂ ᠲᠦᠭᠡᠮᠡᠯ ᠬᠠᠷᠠᠭᠠᠯᠵᠠᠯ ᠬᠦᠷᠲᠡᠭᠡᠬᠦ ᠶᠠᠪᠤᠳᠠᠯ ᠢ ᠠᠳᠬᠤᠵᠤ᠂ ᠨᠢᠭᠡ ᠶᠢ ᠬᠢᠪᠡᠯ ᠨᠢᠭᠡ ᠶᠢ ᠪᠦᠲᠦᠭᠡᠬᠦ ᠬᠡᠷᠡᠭᠲᠡᠢ᠃ ᠬᠥᠳᠡᠭᠡ ᠲᠣᠰᠬᠤᠨ ᠤ ᠠᠵᠤ ᠦᠢᠯᠡᠰ ᠢ ᠰᠠᠶᠢᠲᠤᠷ ᠠᠳᠬᠤᠵᠤ᠂ ︽ᠨᠤᠲᠤᠭ ᠤᠨ ᠣᠨᠴᠠ ᠭᠠᠷᠤᠯᠲᠠ︾ ᠶᠢᠨ ᠠᠵᠢᠯ ᠢ ᠰᠠᠶᠢᠲᠤᠷ ᠬᠢᠵᠦ᠂ ︽ᠲᠣᠰᠬᠤᠨ ᠤ BA︾᠂ ᠲᠣᠰᠬᠤᠨ ᠤ ᠬᠥᠯ ᠪᠥᠮᠪᠦᠭᠡ ᠶᠢᠨ ᠳᠡᠰ ᠠᠴᠠ ᠳᠠᠪᠠᠭᠰᠠᠨ ᠬᠤᠯᠪᠣᠭᠠᠲᠤ ᠤᠷᠤᠯᠳᠤᠭᠠᠨ᠂ ᠲᠣᠰᠬᠤᠨ ᠤ ᠤᠷᠠᠨ ᠰᠠᠶᠢᠬᠠᠨ ᠤ ᠦᠳᠡᠰᠢᠯᠡᠭᠡ  ᠵᠡᠷᠭᠡ ᠣᠯᠠᠨ ᠲᠦᠮᠡᠨᠴᠢ ᠴᠢᠨᠠᠷᠲᠠᠢ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠭᠦᠨᠵᠡᠭᠡᠢ ᠠᠬᠢᠭᠤᠯᠵᠤ᠂ ᠬᠦᠴᠦᠨ ᠮᠡᠬᠦᠰᠳᠡᠬᠦ  ᠵᠡᠷᠭᠡ ᠦᠨᠳᠦᠰᠦᠨ ᠱᠠᠲᠤᠨ ᠤ ᠵᠠᠰᠠᠯᠲᠠ ᠶᠢᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃      ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠪᠠ ᠥᠭᠡᠷᠡᠴᠢᠯᠡᠯᠲᠡ ᠶᠢᠨ ᠬᠤᠣᠰ ᠬᠥᠳᠡᠯᠭᠡᠭᠦᠷ ᠢ ᠴᠢᠩᠭᠠᠳᠬᠠᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠴᠢᠩᠭᠠᠳᠬᠠᠨ᠎ᠠ᠃ ᠡᠨᠡ ᠨᠢ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢ ᠲᠣᠰᠬᠤᠨ ᠳᠤ ᠣᠷᠣᠭᠤᠯᠵᠤ ᠡᠷᠦᠭᠡ ᠳᠤ ᠣᠷᠣᠭᠤᠯᠬᠤ ︽ᠡᠴᠦᠰ ᠤᠨ ᠨᠢᠭᠡ ᠺᠢᠯᠣᠮᠧᠲᠷ︾ ᠢ ᠨᠠᠪᠲᠠᠷᠡᠭᠦᠯᠵᠦ᠂ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠳᠤ ᠨᠡᠶᠢᠴᠡᠭᠰᠡᠨ ᠦᠢᠯᠡᠳᠦᠯᠭᠡ ᠶᠢᠨ ᠰᠦᠪᠡᠭᠴᠢᠯᠡᠯᠲᠡ ᠪᠠ ᠳᠦᠷᠢᠮ ᠤᠨ ᠰᠢᠨ᠎ᠡ ᠡᠭᠦᠳᠦᠯᠲᠡ ᠶᠢ ᠵᠣᠷᠢᠭᠵᠢᠭᠤᠯᠵᠤ᠂ ᠲᠠᠷᠢᠶᠠᠴᠢᠳ ᠤᠨ ᠭᠠᠳᠠᠭᠰᠢ ᠭᠠᠷᠴᠤ ᠬᠥᠯᠥᠰᠦᠨ ᠠᠵᠢᠯ ᠬᠢᠬᠦ ᠣᠷᠣᠯᠭ᠎ᠠ ᠶᠢ ᠲᠣᠭᠲᠠᠪᠤᠷᠢᠵᠢᠭᠤᠯᠵᠤ᠂ ᠠᠵᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠪᠠᠨ ᠨᠡᠮᠡᠭᠳᠡᠭᠦᠯᠬᠦ ᠲᠠᠯᠳᠡ ᠬᠦᠴᠦᠨ ᠢ ᠠᠭᠤᠳᠠᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠲᠠᠷᠢᠶᠠᠴᠢᠳ ᠤᠨ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠶᠢ ᠨᠡᠮᠡᠭᠳᠡᠭᠦᠯᠬᠦ ᠶᠢ ᠱᠠᠭᠠᠷᠳᠠᠵᠤ ᠪᠤᠢ᠃      ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ 2024 ᠣᠨ ᠵᠢᠴᠢ ᠬᠤᠶᠢᠰᠢᠳᠠ ᠶᠢᠨ ᠨᠢᠭᠡ ᠬᠤᠭᠤᠴᠠᠭᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ︽ᠵᠠᠮ ᠱᠤᠭᠤᠮ ᠤᠨ ᠵᠢᠷᠤᠭ︾ ᠢ ᠲᠣᠳᠣᠷᠬᠠᠢ ᠲᠣᠭᠲᠠᠭᠠᠪᠠ᠂ ᠵᠠᠩᠭᠢᠯᠠᠭ᠎ᠠ ᠨᠢ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠣᠯᠠᠨ ᠲᠦᠮᠡᠨ ᠤ ᠮᠡᠳᠡᠷᠡᠵᠦ ᠪᠤᠯᠬᠤ ᠨᠢᠭᠡ ᠪᠦᠯᠦᠭ ᠪᠣᠳᠠᠲᠤ ᠶᠠᠪᠤᠳᠠᠯ ᠢ ᠰᠠᠶᠢᠲᠤᠷ ᠠᠳᠬᠤᠵᠤ ᠪᠡᠶᠡᠯᠡᠭᠦᠯᠬᠦ ᠬᠡᠷᠡᠭᠲᠡᠢ᠃ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠪᠠᠷ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠢᠭᠤᠴᠠᠯᠭ᠎ᠠ ᠶᠢᠨ ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠠᠯᠬᠤᠮ ᠳᠠᠷᠠᠭ᠎ᠠ ᠲᠠᠢ ᠪᠠᠷ ᠠᠬᠢᠭᠤᠯᠵᠤ᠂ ᠤᠳᠠᠭᠠᠨ ᠳᠠᠭᠠᠭᠠᠮᠠᠭᠠᠢ ᠪᠠᠷ ᠬᠦᠴᠦᠯᠡᠵᠦ᠂ ᠲᠠᠷᠢᠶᠠᠴᠢᠳ ᠤᠨ ᠬᠦᠰᠡᠯ ᠰᠠᠨᠠᠭ᠎ᠠ ᠶᠢ ᠭᠦᠨᠳᠦᠳᠭᠡᠵᠦ᠂ ᠥᠷᠭᠡᠨ ᠣᠯᠠᠨ ᠲᠠᠷᠢᠶᠠᠴᠢᠳ ᠢ ᠦᠨᠡᠨ ᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠭᠴᠢ ᠪᠠ ᠠᠰᠢᠭ ᠭᠦᠷᠲᠡᠭᠴᠢ ᠪᠣᠯᠭᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号