ᠦᠰᠦᠭ ᠪᠢᠴᠢᠭ ᠤᠨ ᠲᠠᠶᠢᠯᠤᠮᠵᠢ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2024/2/9
                 ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠥᠬᠦᠳᠡ ᠬᠤᠷᠠᠯᠳᠤᠭᠠᠨ ᠤ ᠠᠯᠪᠠᠨ ᠮᠡᠳᠡᠭᠡ      ︵2024 ᠣᠨ ᠤ 1 ᠰᠠᠷ᠎ᠠ ᠶᠢᠨ 3 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠥᠬᠦᠳᠡ ᠬᠤᠷᠠᠯ ᠠᠴᠠ ᠪᠠᠲᠤᠯᠠᠪᠠ︶      ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠥᠬᠦᠳᠡ ᠬᠤᠷᠠᠯ ᠵᠢᠴᠢ ᠪᠦᠬᠦ ᠰᠢᠶᠠᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ 2024 ᠣᠨ ᠤ 1 ᠰᠠᠷ᠎ᠠ ᠶᠢᠨ 3 ᠤ ᠡᠳᠦᠷ ᠬᠤᠷᠠᠯᠳᠤᠪᠠ᠃      ᠬᠤᠷᠠᠯ ᠳᠤ ᠰᠢᠶᠠᠨ ᠤ ᠨᠠᠮ ᠤᠨ ᠬᠤᠷᠢᠶᠠᠨ ᠤ ᠭᠡᠰᠢᠭᠦᠨ 30 ᠬᠥᠮᠥᠨ᠂ ᠣᠷᠣᠯᠠᠭᠴᠢ ᠭᠡᠰᠢᠭᠦᠨ 6 ᠬᠥᠮᠥᠨ ᠣᠷᠣᠯᠴᠠᠪᠠ᠃ ᠰᠢᠶᠠᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ᠂ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠪᠠ ᠬᠡᠰᠡᠭ ᠰᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃      ᠪᠥᠬᠦᠳᠡ ᠬᠤᠷᠠᠯ ᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ ᠡᠷᠬᠢᠯᠡᠪᠡ᠃ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠡᠮᠦᠨ᠎ᠡ ᠠᠴᠠ ᠪᠦᠭᠦᠳᠡ ᠬᠤᠷᠠᠯ ᠳᠤ ᠠᠵᠢᠯ ᠢᠶᠠᠨ ᠮᠡᠳᠡᠭᠦᠯᠵᠦ᠂ 2024 ᠣᠨ ᠤ ᠠᠵᠤ ᠠᠬᠤᠢ ᠶᠢᠨ ᠠᠵᠢᠯ ᠳᠤ ᠪᠠᠶᠢᠷᠢᠯᠠᠭᠤᠯᠤᠯᠲᠠ ᠬᠢᠵᠡᠢ᠃      ᠪᠥᠬᠦᠳᠡ ᠬᠤᠷᠠᠯ ᠨᠢᠭᠡ ᠵᠢᠯ ᠤᠨ ᠲᠤᠷᠰᠢᠬᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠢ ᠭᠦᠢᠴᠡᠳ ᠨᠤᠲᠠᠯᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠪᠦᠬᠦ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠳᠤ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠪᠠ ᠭᠡᠵᠦ ᠰᠠᠨᠠᠯ ᠨᠢᠭᠡᠲᠡᠢ ᠦᠵᠡᠪᠡ᠃ ᠨᠢᠭᠡ ᠳᠤ ︽ᠬᠤᠶᠠᠷ ᠢ ᠬᠠᠮᠠᠭᠠᠯᠠᠬᠤ︾ ᠶᠢ ᠨᠡᠩ ᠪᠠᠲᠤᠳᠬᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ︽ᠬᠤᠶᠠᠷ ᠢ ᠲᠣᠭᠲᠠᠭᠠᠭᠰᠠᠨ︾ ᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠦᠵᠡᠯ ᠰᠠᠨᠠᠭᠠᠨ ᠤ ᠤᠬᠠᠮᠰᠠᠷ ᠢ ᠨᠡᠩ ᠡᠷᠴᠢᠮᠲᠡᠢ ᠪᠣᠯᠭᠠᠬᠤ ᠶᠢ ᠡᠷᠡᠰ ᠪᠡᠶᠡᠯᠡᠭᠦᠯᠪᠡ᠃ ᠬᠤᠶᠠᠷ ᠲᠤ ᠰᠢᠶᠠᠨ ᠤ ᠬᠡᠪᠴᠢᠶᠡᠨ ᠤ ᠠᠵᠤ ᠦᠢᠯᠡᠰ ᠲᠠᠰᠤᠷᠠᠯᠲᠠ ᠦᠭᠡᠢ ᠪᠤᠵᠠᠭᠠᠶᠢᠷᠠᠪᠠ᠃ 82 ᠭᠤᠣᠯᠳᠠᠯᠭ᠎ᠠ ᠲᠠᠢ ᠲᠥᠷᠥᠯ ᠵᠦᠢᠯ ᠢ ᠡᠬᠢᠯᠡᠨ ᠪᠠᠶᠢᠭᠤᠯᠵᠤ᠂ ᠤᠯᠤᠰ ᠤᠨ ᠳᠠᠪᠠᠭᠤᠯᠢᠭ ᠣᠨᠴᠠᠯᠢᠭᠲᠤ ᠲᠥᠮᠥᠰᠥ ᠶᠢᠨ ᠠᠵᠤ ᠦᠢᠯᠡᠰ ᠤᠨ ᠰᠦᠷᠦᠭᠵᠢᠯ ᠢ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ᠥᠨᠳᠦᠷᠯᠢᠭ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠣᠷᠣᠨ ᠢ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠡᠭᠦᠳᠦᠨ ᠪᠠᠶᠢᠭᠤᠯᠬᠤ ᠶᠢ ᠵᠥᠪᠰᠢᠶᠡᠷᠡᠭᠰᠡᠨ ᠨᠡᠷᠡᠰ ᠲᠤ ᠵᠢᠭᠰᠠᠭᠠᠨ ᠣᠷᠣᠭᠤᠯᠵᠤ᠂ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠦᠵᠡᠮᠵᠢ ᠶᠢᠨ ᠣᠷᠣᠨ᠂ ︽ᠲᠠᠯ᠎ᠠ ᠨᠤᠲᠤᠭ ᠤᠨ ᠡᠭᠦᠳᠡ︾ ᠰᠣᠶᠣᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠤᠯᠤᠰ ᠤᠨ 4A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠭᠠᠨ ᠠᠮᠵᠢᠯᠲᠠ ᠲᠠᠢ ᠡᠭᠦᠳᠦᠨ ᠪᠠᠶᠢᠭᠤᠯᠵᠤ᠂ 2 ᠲᠡᠮᠦᠷ ᠤᠨ ᠠᠭᠤᠷᠬᠠᠢ ᠶᠢᠨ ᠬᠦᠳᠡᠷ ᠰᠢᠯᠢᠬᠦ ᠦᠢᠯᠡᠳᠪᠦᠷᠢ᠂ 8 ᠠᠭᠤᠷᠬᠠᠢ ᠮᠠᠯᠲᠠᠬᠤ ᠠᠵᠤ ᠠᠬᠤᠶᠢᠯᠠᠯ᠂ 7 ᠠᠭᠤᠷᠬᠠᠢ ᠬᠠᠶᠢᠬᠤ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠡᠶᠡᠯᠡᠭᠦᠯᠵᠦ᠂ ᠴᠡᠪᠡᠷ ᠡᠨᠧᠷᠭᠢ ᠶᠢᠨ ᠰᠤᠷᠪᠤᠯᠵᠢ ᠶᠢᠨ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 300 ᠲᠦᠮᠡᠨ ᠺᠢᠯᠣᠸᠠᠲ ᠠᠴᠠ ᠳᠠᠪᠠᠭᠤᠯᠪᠠ᠃ ︽ᠨᠢᠭᠡ ᠬᠦᠷᠢᠶᠡᠯᠡᠩ ᠬᠤᠶᠠᠷ ᠲᠣᠭᠤᠷᠢᠭ︾ ᠤᠨ ᠡᠮᠦᠨᠡᠬᠢ ᠬᠤᠭᠤᠴᠠᠭᠠᠨ ᠤ ᠲᠥᠯᠦᠪᠵᠢᠭᠦᠯᠭᠡ ᠶᠢ ᠪᠡᠶᠡᠯᠡᠭᠦᠯᠵᠦ᠂ 18 ︽ᠦᠬᠦᠰᠢᠷᠡᠮᠡᠯ ᠠᠵᠤ ᠠᠬᠤᠶᠢᠯᠠᠯ︾ ᠢ ᠠᠮᠢᠯᠠᠭᠤᠯᠵᠤ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠭᠤᠷᠪᠠ ᠳᠤ ᠠᠮᠢ ᠠᠬᠤᠢ ᠶᠢᠨ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃ ᠣᠶ ᠰᠢᠭᠤᠢ ᠡᠪᠡᠰᠦ ᠪᠡᠯᠴᠢᠭᠡᠷ ᠤᠨ ᠪᠦᠷᠬᠦᠴᠡ ᠶᠢᠨ ᠨᠣᠷᠮ᠎ᠠ 65.05% ᠳᠤ ᠬᠦᠷᠴᠦ᠂ ᠣᠷᠴᠢᠨ ᠠᠬᠤᠢ ᠶᠢᠨ ᠠᠭᠠᠷ ᠤᠨ ᠶᠠᠰᠤ ᠴᠢᠨᠠᠷ ᠪᠥᠬᠦ ᠬᠤᠲᠠ ᠳᠤ ᠨᠢᠭᠡᠳᠦᠭᠡᠷ ᠲᠤ ᠵᠢᠭᠰᠠᠭᠠᠭᠳᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠲᠥᠷᠥ ᠶᠢᠨ ᠪᠣᠳᠣᠯᠭ᠎ᠠ ᠶᠢ ᠨᠠᠩ ᠲᠡᠭᠦᠯᠳᠡᠷᠵᠢᠭᠦᠯᠵᠦ᠂ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠦᠷ᠎ᠡ ᠪᠦᠲᠦᠮᠵᠢ ᠢᠯᠡᠳᠲᠡ ᠪᠣᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠪᠡ᠃ ᠳᠥᠷᠪᠡ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠪᠠ᠃ ᠡᠯ᠎ᠡ ᠱᠠᠲᠤᠨ ᠤ ᠡᠯ᠎ᠡ ᠲᠥᠷᠥᠯ ᠤᠨ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠵᠦ᠂ 2.45 ᠳ᠋ᠦᠩᠰᠢᠭᠤᠷ ᠲᠥᠭᠦᠷᠢᠭ ᠤᠨ ᠬᠠᠪᠰᠤᠷᠤᠨ ᠲᠡᠳᠬᠦᠬᠦ ᠪᠡᠯᠡ ᠮᠥᠩᠭᠦ ᠣᠷᠣᠭᠤᠯᠵᠤ᠂ 72 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠢ ᠬᠡᠷᠡᠭᠵᠢᠭᠦᠯᠪᠡ᠃ ᠬᠥᠳᠡᠭᠡ ᠲᠣᠰᠬᠤᠨ ᠤ ᠵᠠᠮ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ 311 ᠮᠤᠵᠢ ᠶᠢᠨ ᠵᠠᠮ ᠤᠨ ᠭᠤᠣᠯ ᠱᠤᠭᠤᠮ ᠢ ᠦᠨᠳᠦᠰᠦᠨ ᠳᠡᠭᠡᠨ ᠨᠠᠪᠲᠠᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ︽ᠳᠦᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠰᠢᠯᠭᠠᠨ ᠪᠠᠶᠢᠴᠠᠭᠠᠯᠲᠠ ᠶᠢ ᠤᠷᠤᠭᠰᠢᠲᠠᠢ ᠥᠩᠭᠡᠷᠡᠭᠦᠯᠪᠡ᠃ ᠲᠠᠪᠤ ᠳᠤ ᠠᠷᠠᠳ ᠲᠦᠮᠡᠨ ᠤ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠪᠡ᠃ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠬᠦᠴᠢᠷᠳᠡᠯᠲᠡᠢ ᠬᠥᠮᠥᠰ ᠤᠨ ᠳᠠᠭᠠᠳᠬᠠᠯ ᠳᠤ ᠣᠷᠣᠯᠴᠠᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠪᠡ᠃ ᠬᠠᠮᠲᠤᠷᠠᠨ ᠰᠤᠷᠭᠠᠭᠤᠯᠢ ᠡᠷᠭᠢᠯᠡᠬᠦ ᠶᠢ ᠭᠦᠨᠵᠡᠭᠡᠢ ᠲᠦᠯᠬᠢᠨ ᠠᠬᠢᠭᠤᠯᠵᠤ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠦᠷᠨᠢᠭᠦᠯᠪᠡ᠃ ᠡᠮᠴᠢᠯᠡᠭᠡᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠠᠬᠢᠭᠤᠯᠵᠤ᠂ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠯᠭᠠᠨ ᠪᠠᠶᠢᠴᠠᠭᠠᠯᠲᠠ ᠶᠢ ᠥᠩᠭᠡᠷᠡᠭᠦᠯᠵᠦ᠂ ᠰᠤᠷᠭᠠᠨ ᠬᠥᠮᠦᠵᠢᠯ ᠡᠮᠴᠢᠯᠡᠭᠡᠨ ᠤ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ᠨᠡᠶᠢᠭᠡᠮ ᠤᠨ ᠬᠥᠷᠥᠩᠭᠡ ᠶᠢ ᠣᠷᠣᠭᠤᠯᠤᠨ ᠠᠪᠴᠢᠷᠠᠵᠤ ᠰᠤᠯᠠ ᠪᠠᠶᠢᠭ᠎ᠠ ᠨᠠᠰᠤᠵᠢᠯ ᠤᠨ ᠦᠢᠯᠡᠴᠢᠯᠡᠭᠡᠨ ᠤ ᠬᠦᠷᠢᠶᠡᠯᠡᠩ ᠲᠣᠭᠤᠷᠢᠭ ᠢ ᠠᠮᠢᠳᠤᠯᠢᠭ ᠪᠣᠯᠭᠠᠵᠤ᠂ ᠡᠮᠴᠢᠯᠡᠭᠡ ᠪᠠ ᠠᠰᠠᠷᠠᠮᠵᠢ ᠶᠢ ᠤᠶᠠᠯᠳᠤᠭᠤᠯᠤᠭᠰᠠᠨ ᠦᠢᠯᠡᠴᠢᠯᠡᠭᠡᠨ ᠤ ᠵᠠᠭᠪᠤᠷ ᠢ ᠰᠦᠪᠡᠭᠴᠢᠯᠡᠨ ᠳᠡᠯᠭᠡᠷᠡᠭᠦᠯᠪᠡ᠃ ᠵᠢᠷᠭᠤᠭ᠎ᠠ ᠳᠤ ᠨᠡᠶᠢᠭᠡᠮ ᠤᠨ ᠶᠡᠭᠡ ᠲᠠᠯ᠎ᠠ ᠶᠢ ᠡᠶ᠎ᠡ ᠵᠣᠬᠢᠴᠠᠯ ᠲᠠᠢ ᠲᠣᠭᠲᠠᠭᠤᠨ ᠪᠠᠶᠢᠯᠭᠠᠪᠠ᠃ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠦᠷᠭᠦᠯᠵᠢᠯᠡᠨ ᠪᠠᠬᠢᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠠᠮᠵᠢᠯᠲᠠ ᠲᠠᠢ ᠡᠭᠦᠳᠦᠨ ᠪᠠᠶᠢᠭᠤᠯᠪᠠ᠃ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠯᠠᠪᠳᠠᠭᠤᠨ ᠪᠠᠲᠤᠲᠠᠢ ᠪᠠᠷ ᠲᠦᠯᠬᠢᠨ ᠠᠬᠢᠭᠤᠯᠵᠤ᠂ ᠪᠦᠬᠦ ᠬᠤᠳᠠ ᠳᠤ ᠤᠮᠠᠷᠠᠲᠤ ᠬᠢᠯᠢ ᠶᠢᠨ ᠰᠣᠶᠣᠯ ᠤᠨ ᠵᠣᠬᠢᠶᠠᠨ ᠪᠦᠲᠦᠭᠡᠬᠦ ᠰᠤᠳᠤᠯᠭᠠᠨ ᠤ ᠲᠥᠪ ᠢ ᠡᠩ ᠲᠡᠷᠢᠭᠦᠨ ᠳᠤ ᠪᠠᠶᠢᠭᠤᠯᠵᠤ᠂ ᠦᠴᠦᠸᠠᠨ ᠰᠢᠶᠠᠨ ᠤ ᠤᠮᠠᠷᠠᠲᠤ ᠬᠢᠯᠢ ᠶᠢᠨ ᠰᠣᠶᠣᠯ ᠤᠨ ᠪᠠᠶᠠᠯᠢᠭ ᠠᠭᠤᠯᠤᠭᠳᠠᠬᠤᠨ ᠢ ᠭᠦᠨᠵᠡᠭᠡᠶᠢᠷᠡᠭᠦᠯᠪᠡ᠃ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠭᠡᠭᠡᠨ ᠰᠠᠷᠠᠭᠤᠯ ᠢᠨᠵᠧᠨᠧᠷᠢᠩ︾ ᠢ ᠲᠠᠰ ᠳᠡᠪᠰᠢᠭᠦᠯᠦᠨ ᠥᠭᠡᠷᠡᠴᠢᠯᠡᠬᠦ ᠶᠢ ᠪᠡᠶᠡᠯᠡᠭᠦᠯᠵᠦ᠂ ︽ᠣᠯᠠᠨ ᠲᠣᠣᠷ ᠢ ᠠᠭᠤᠰᠤᠯᠴᠠᠭᠤᠯᠵᠤ᠂ ᠨᠢᠭᠡ ᠲᠣᠣᠷ ᠢᠶᠠᠷ ᠨᠢᠭᠡᠳᠦᠯᠲᠡᠢ ᠲᠥᠯᠥᠪᠵᠢᠭᠦᠯᠬᠦ︾ ᠰᠦᠯᠵᠢᠶᠡᠨ ᠤ ᠡᠩᠨᠡᠭᠡ ᠶᠢ ᠪᠠᠶᠢᠭᠤᠯᠤᠨ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠶᠢ ᠯᠠᠪᠳᠠᠭᠤᠨ ᠢᠶᠠᠷ ᠠᠬᠢᠭᠤᠯᠵᠤ᠂ ᠪᠡᠭᠡᠵᠢᠩ ᠳᠤ ᠬᠦᠷᠬᠦ ᠣᠷᠣᠨ ᠳᠤ ᠬᠦᠷᠬᠦ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠨᠣᠷᠮ᠎ᠠ ᠶᠢ 100% ᠳᠤ ᠬᠦᠷᠦᠭᠦᠯᠪᠡ᠃ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠠᠮᠵᠢᠯᠲᠠ ᠲᠠᠢ ᠡᠭᠦᠳᠦᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠭᠰᠡᠨ ᠵᠢᠱᠢᠶᠡᠴᠢ ᠰᠢᠶᠠᠨ ᠢ ᠡᠭᠦᠳᠦᠨ ᠪᠠᠶᠢᠭᠤᠯᠬᠤ ᠠᠩᠬᠠᠨ ᠤ ᠰᠢᠯᠭᠠᠯᠲᠠ ᠶᠢᠨ ᠠᠵᠢᠯ ᠢ ᠪᠡᠶᠡᠯᠡᠭᠦᠯᠪᠡ᠃ ᠲᠤᠯᠤᠭ᠎ᠠ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠪᠠ᠃ ᠦᠨᠳᠦᠰᠦᠨ ᠱᠠᠲᠤᠨ ᠤ ᠨᠢᠭᠡᠳᠦᠭᠡᠷ ᠹᠷᠣᠨᠲ ᠪᠠ ᠭᠤᠣᠯᠳᠠᠯᠭ᠎ᠠ ᠲᠠᠢ ᠠᠵᠢᠯ ᠤᠨ ᠳᠤᠮᠳᠠ 55 ᠺᠠᠳ᠋ᠷ ᠢ ᠰᠣᠩᠭᠤᠨ ᠬᠡᠷᠡᠭᠯᠡᠵᠦ᠂ 70 ᠬᠥᠮᠥᠨ ᠤ ᠰᠢᠯᠢᠳᠡᠭ ᠢ ᠰᠣᠩᠭᠤᠨ ᠳᠡᠪᠰᠢᠭᠦᠯᠵᠦ᠂ 297 ᠡᠯ᠎ᠡ ᠲᠦᠷᠦᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠪᠠ᠃ ᠠᠷᠠᠳ ᠤᠨ ᠳᠡᠭᠡᠳᠦ ᠰᠢᠭᠦᠬᠦ ᠬᠤᠷᠢᠶ᠎ᠠ ᠠᠴᠠ ᠰᠢᠶᠠᠨ ᠤ ᠠᠷᠠᠳ ᠤᠨ ᠰᠢᠭᠦᠬᠦ ᠬᠤᠷᠢᠶ᠎ᠠ ᠳᠤ ︽ᠠᠷᠠᠳ ᠤᠨ ᠰᠢᠭᠦᠬᠦ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠡᠷᠢᠭᠦᠨ ᠤ ᠬᠠᠮᠲᠤ ᠨᠡᠶᠢᠳᠡ︾ ᠶᠢ ᠣᠯᠭᠤᠵᠤ᠂ ᠳ᠋ᠦᠩ ᠫᠦᠥᠸ᠋ ᠲᠣᠰᠬᠤᠨ ᠢ ︽ᠪᠥᠬᠦ ᠤᠯᠤᠰ ᠤᠨ ᠤᠯᠠᠭᠠᠨ ᠭᠠᠴᠠᠭ᠎ᠠ ᠲᠣᠰᠬᠤᠨ︾ ᠤ ᠲᠤᠷᠰᠢᠯᠲᠠ ᠶᠢᠨ ᠴᠡᠭ ᠤᠨ ᠲᠣᠰᠬᠤᠨ ᠢᠶᠠᠷ ᠲᠣᠭᠲᠠᠭᠠᠪᠠ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠲᠦᠯᠬᠢᠨ ᠠᠬᠢᠭᠤᠯᠵᠤ᠂ ᠤᠯᠤᠰ ᠲᠦᠷᠦ ᠶᠢᠨ ᠬᠢᠨᠠᠯᠲᠠ ᠶᠢ ᠦᠷᠭᠦᠯᠵᠢᠯᠡᠨ ᠥᠷᠨᠢᠭᠦᠯᠵᠦ᠂ ᠰᠤᠷᠲᠠᠯ ᠴᠢᠬᠡᠴᠢ ᠣᠪᠣᠷ ᠲᠥᠪ ᠪᠠᠶᠢᠬᠤ ᠤᠯᠤᠰ ᠲᠦᠷᠦ ᠶᠢᠨ ᠠᠮᠢ ᠠᠬᠤᠢ ᠶᠢ ᠤᠯᠠᠮ ᠨᠢᠭᠡ ᠠᠯᠬᠤᠮ ᠪᠠᠬᠢᠵᠢᠭᠦᠯᠪᠡ᠃      ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ 2024 ᠣᠨ ᠤ ᠠᠵᠢᠯ ᠢ ᠰᠠᠶᠢᠲᠤᠷ ᠬᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠤ ᠲᠥᠪ ᠤᠨ ᠣᠳᠣᠬᠢᠴᠢᠯᠠᠭᠰᠠᠨ ᠣᠷᠣᠨ ᠪᠦᠰᠡ ᠶᠢᠨ ᠭᠤᠣᠯ ᠬᠤᠲᠠ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ ︽ᠠᠷᠠᠳ ᠢ ᠪᠠᠶᠠᠵᠢᠭᠤᠯᠬᠤ ᠪᠠ ᠰᠢᠶᠠᠨ ᠢ ᠬᠦᠴᠦᠷᠬᠡᠭᠵᠢᠭᠦᠯᠬᠦ ᠶᠢ ᠬᠤᠶᠠᠷ ᠲᠠᠯ᠎ᠠ ᠪᠠᠷ ᠠᠳᠬᠤᠬᠤ ᠶᠢ ᠪᠠᠷᠢᠮᠲᠠᠯᠠᠵᠤ᠂ ︿ᠭᠤᠷᠪᠠᠨ ᠠᠵᠢᠯ﹀ ᠢ ᠰᠠᠶᠢᠲᠤᠷ ᠬᠢᠵᠦ᠂ ︿ᠲᠦᠷᠪᠡᠨ ᠠᠵᠤ ᠦᠢᠯᠡᠰ ᠤᠨ ᠰᠠᠭᠤᠷᠢᠨ ᠭᠠᠵᠠᠷ﹀ ᠢ ᠪᠠᠶᠢᠭᠤᠯᠵᠤ᠂ ︿ᠨᠢᠭᠡ ᠬᠦᠷᠢᠶᠡᠯᠡᠩ ᠬᠤᠶᠠᠷ ᠲᠣᠭᠤᠷᠢᠭ﹀ ᠢ ᠪᠠᠶᠢᠭᠤᠯᠵᠤ᠂ ︿ᠵᠢᠷᠭᠤᠭᠠᠨ ᠰᠢᠨ᠎ᠡ ᠦᠴᠦᠸᠠᠨ﹀ ᠢ ᠪᠦᠲᠦᠭᠡᠨ ᠪᠠᠶᠢᠭᠤᠯᠬᠤ︾ ᠬᠠᠷᠠᠯᠲᠠ ᠶᠢᠨ ᠪᠠᠶᠢᠷᠢ ᠲᠣᠭᠲᠠᠭᠠᠯᠲᠠ ᠶᠢ ᠲᠣᠭᠲᠠᠭᠠᠵᠤ᠂ ᠠᠮᠢ ᠠᠬᠤᠢ ᠶᠢᠨ ᠬᠦᠴᠦᠷᠬᠡᠭ ᠰᠢᠶᠠᠨ᠂ ᠲᠠᠷᠢᠶᠠᠯᠠᠩ ᠤᠨ ᠬᠦᠴᠦᠷᠬᠡᠭ ᠰᠢᠶᠠᠨ᠂ ᠮᠠᠯ ᠠᠵᠤ ᠠᠬᠤᠢ ᠶᠢᠨ ᠬᠦᠴᠦᠷᠬᠡᠭ ᠰᠢᠶᠠᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠠᠵᠤ ᠠᠬᠤᠢ ᠶᠢᠨ ᠶᠠᠰᠤ ᠴᠢᠨᠠᠷ ᠤᠨ ᠪᠦᠲᠦᠮᠵᠢᠲᠡᠢ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠲᠦᠷᠭᠡᠨ ᠨᠡᠮᠡᠭᠳᠡᠯ ᠢ ᠦᠷᠭᠦᠯᠵᠢᠯᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠴᠦᠸᠠᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃      ᠪᠥᠬᠦᠳᠡ ᠬᠤᠷᠠᠯ ᠠᠴᠠ 2024 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠢ ᠲᠣᠭᠲᠠᠭᠠᠪᠠ᠃ ᠨᠢᠭᠡ ᠳᠤ ᠳᠠᠪᠠᠭᠤᠯᠢᠭ ᠣᠨᠴᠠᠯᠢᠭᠲᠤ ᠠᠵᠤ ᠦᠢᠯᠡᠰ ᠢ ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠦᠬᠦ ᠬᠦᠴᠦᠨ ᠢᠶᠠᠷ ᠢᠶᠠᠨ ᠪᠤᠵᠠᠭᠠᠶᠢᠷᠠᠭᠤᠯᠤᠨ᠎ᠠ᠃ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠳᠠᠷᠢᠵᠤ ᠲᠡᠵᠢᠭᠡᠬᠦ ᠬᠡᠪᠴᠢᠶ᠎ᠡ ᠶᠢ ᠥᠷᠭᠡᠳᠬᠡᠨ᠂ ᠨᠠᠷᠢᠯᠢᠭ ᠭᠦᠨᠵᠡᠭᠡᠢ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠨᠠᠷᠠᠲᠤ ᠲᠡᠮᠳᠡᠭᠲᠦ ᠶᠢᠨ ᠴᠣᠭᠴᠠᠯᠠᠯᠲᠠ ᠶᠢ ᠴᠢᠩᠭᠠᠳᠬᠠᠨ᠂ ᠤᠯᠤᠰ ᠤᠨ ᠲᠠᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠴᠢᠷᠮᠠᠶᠢᠨ ᠪᠠᠶᠢᠭᠤᠯᠤᠨ᠎ᠠ᠃ ᠰᠣᠶᠣᠯ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠣᠬᠢᠷᠲᠤᠯ ᠦᠭᠡᠢ ᠠᠮᠢ ᠠᠬᠤᠢ᠂ ᠲᠡᠦᠬᠡ ᠰᠣᠶᠣᠯ᠂ ᠬᠤᠪᠢᠰᠬᠠᠯ ᠤᠨ ᠰᠣᠶᠣᠯ᠂ ᠠᠷᠠᠳ ᠤᠨ ᠵᠠᠩ ᠦᠶᠯᠡ ᠶᠢᠨ ᠰᠣᠶᠣᠯ ᠪᠠ ᠣᠨᠴᠠᠯᠢᠭᠲᠤ ᠢᠳᠡᠭᠡᠨ ᠤᠮᠳᠠᠭᠠᠨ ᠤ ᠰᠣᠶᠣᠯ ᠤᠨ ᠡᠬᠢ ᠪᠠᠶᠠᠯᠢᠭ ᠲᠤ ᠲᠦᠰᠢᠭᠯᠡᠨ᠂ ᠰᠣᠶᠣᠯ ᠤᠨ ᠵᠢᠭᠤᠯᠴᠢᠯᠠᠯ ᠤᠨ ᠲᠥᠷᠥᠯ ᠵᠦᠢᠯ ᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠪᠥᠬᠦ ᠴᠠᠷᠠᠭᠠᠨ ᠤ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ᠃ ᠴᠡᠪᠡᠷ ᠡᠨᠧᠷᠭᠢ ᠭᠠᠷᠭᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠨ ᠠᠳᠬᠤᠵᠤ᠂  ᠰᠠᠯᠬᠢᠨ ᠭᠡᠷᠡᠯ ᠤᠰᠤᠨ ᠤ ᠬᠠᠷᠢᠯᠴᠠᠨ ᠨᠥᠬᠦᠪᠦᠷᠢᠯᠡᠬᠦ ᠴᠡᠪᠡᠷ ᠡᠨᠧᠷᠭᠢ ᠶᠢᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠭᠠᠵᠠᠷ ᠣᠷᠣᠨ ᠤ ᠴᠠᠬᠢᠯᠭᠠᠨ ᠤ ᠲᠣᠣᠷ ᠤᠨ ᠲᠣᠣᠷ ᠤᠨ ᠪᠦᠲᠦᠴᠡ ᠶᠢ ᠲᠡᠭᠦᠯᠳᠡᠷᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠴᠡᠪᠡᠷ ᠡᠨᠧᠷᠭᠢ ᠭᠠᠷᠭᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠢᠶᠠᠨ ᠤ ᠳᠣᠲᠣᠷᠠᠬᠢ ᠡᠯᠪᠡᠭ ᠳᠡᠯᠪᠡᠭ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠣᠭᠤᠷᠢᠨ ᠳᠤ ᠠᠮᠢ ᠠᠬᠤᠢ ᠶᠢᠨ ᠬᠠᠮᠠᠭᠠᠯᠠᠯᠲᠠ ᠪᠠ ᠠᠶᠤᠯᠭᠦᠢ ᠦᠢᠯᠡᠳᠪᠦᠷᠢᠯᠡᠯ ᠢ ᠨᠢᠭᠡᠳᠦᠯᠲᠡᠢ ᠲᠥᠯᠥᠪᠯᠡᠨ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠢᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠤᠢ ᠪᠣᠯᠭᠠᠨ᠎ᠠ᠃ ᠬᠤᠶᠠᠷ ᠲᠤ ᠨᠡᠭᠡᠭᠡᠨ ᠬᠥᠭᠵᠢᠭᠦᠯᠬᠦ ᠣᠷᠣᠨ ᠢ ᠰᠡᠷᠭᠦᠭᠡᠨ ᠪᠠᠶᠢᠭᠤᠯᠬᠤ ᠪᠠᠷ ᠢᠳᠡᠪᠬᠢᠲᠡᠢ ᠪᠠᠷ ᠭᠤᠶᠤᠴᠢᠯᠠᠨ ᠮᠡᠳᠡᠭᠦᠯᠵᠦ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠭᠤᠣᠯ ᠲᠠᠶᠢᠨ ᠤ ᠲᠠᠯᠠᠪᠤᠷ ᠢ ᠪᠤᠢ ᠪᠣᠯᠭᠠᠨ᠎ᠠ᠃ ︽ᠨᠢᠭᠡ ᠬᠦᠷᠢᠶᠡᠯᠡᠩ ᠬᠤᠶᠠᠷ ᠲᠣᠭᠤᠷᠢᠭ︾ ᠤᠨ ᠬᠥᠭᠵᠢᠯᠲᠡ ᠶᠢᠨ ᠵᠠᠭᠪᠤᠷ ᠢᠶᠠᠷ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠷᠪᠠᠳᠤᠭᠠᠷ ᠲᠥᠷᠥᠯ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠰᠡᠷᠭᠦᠭᠡᠨ ᠪᠠᠶᠢᠭᠤᠯᠬᠤ ᠪᠠᠷ ᠢᠳᠡᠪᠬᠢᠲᠡᠢ ᠴᠢᠷᠮᠠᠶᠢᠨ᠎ᠠ᠃ ᠵᠢᠯ ᠤᠨ ᠳᠣᠲᠣᠷ᠎ᠠ ᠬᠤᠶᠠᠷ ᠬᠦᠷᠢᠶᠡᠯᠡᠩ ᠲᠣᠭᠤᠷᠢᠭ ᠲᠤ ᠲᠣᠰ ᠲᠣᠰ 5000 ᠲᠦᠮᠡᠨ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠢ 10   ᠠᠴᠠ ᠳᠡᠭᠡᠭᠰᠢ ᠨᠠᠶᠢᠳᠠᠪᠤᠷᠢᠵᠢᠭᠤᠯᠵᠤ᠂ ᠥᠨᠳᠦᠷᠯᠢᠭ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠲᠣᠭᠤᠷᠢᠭ ᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠵᠡᠷᠭᠡ ᠶᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠰᠦᠷᠦᠭᠵᠢᠯ ᠢ ᠭᠤᠣᠯᠳᠠᠯᠭ᠎ᠠ ᠲᠠᠢ ᠬᠥᠭᠵᠢᠭᠦᠯᠵᠦ᠂ ᠦᠢᠯᠡᠳᠬᠦᠨ ᠤ ᠥᠷᠲᠡᠭ ᠢ 15.2 ᠳ᠋ᠦᠩᠰᠢᠭᠤᠷ ᠲᠥᠭᠦᠷᠢᠭ ᠲᠤ ᠬᠦᠷᠭᠡᠨ᠎ᠡ︔ ᠪᠣᠬᠢᠷᠲᠤᠯ ᠦᠭᠡᠢ ᠠᠵᠤ ᠦᠢᠯᠡᠳᠪᠦᠷᠢ ᠶᠢᠨ ᠲᠥᠪᠯᠡᠷᠡᠭᠰᠡᠨ ᠣᠷᠣᠨ ᠳᠤ ᠪᠣᠬᠢᠷᠲᠤᠯ ᠦᠭᠡᠢ ᠠᠭᠤᠷᠬᠠᠢ ᠶᠢᠨ ᠭᠠᠷᠤᠯᠲᠠ ᠶᠢᠨ ᠪᠠᠷᠢᠯᠭ᠎ᠠ ᠶᠢᠨ ᠮᠠᠲ᠋ᠧᠷᠢᠶᠠᠯ ᠪᠠ ᠡᠨᠧᠷᠭᠢ ᠶᠢᠨ ᠲᠣᠨᠣᠭᠯᠠᠯ ᠤᠨ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ ᠦᠢᠯᠡᠳᠬᠦᠨ ᠤ ᠥᠷᠲᠡᠭ ᠢ 9 ᠳ᠋ᠦᠩᠰᠢᠭᠤᠷ ᠲᠤ ᠬᠦᠷᠭᠡᠨ᠎ᠡ᠃ ᠭᠤᠷᠪᠠ ᠳᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠣᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ︽ᠭᠤᠷᠪᠠᠨ ᠭᠤᠷᠪᠠ︾ ᠶᠢᠨ ᠴᠢᠬᠤᠯᠠ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠤᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠠᠷᠴᠠᠭᠯᠠᠯ ᠤᠨ ᠨᠠᠷᠢᠨ ᠬᠠᠭᠤᠳᠠᠰᠤ ᠶᠢ ᠲᠣᠭᠲᠠᠭᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠣᠭᠲᠠᠴᠠ ᠶᠢ ᠪᠦᠷᠢᠨᠰᠢᠭᠦᠯᠦᠨ᠂ ᠠᠵᠤ ᠦᠢᠯᠡᠰ ᠤᠨ ᠪᠠᠶᠢᠷᠢ ᠲᠣᠭᠲᠠᠭᠠᠯᠲᠠ ᠳᠤ ᠨᠡᠶᠢᠴᠡᠬᠦ ᠭᠤᠣᠯᠳᠠᠯᠭ᠎ᠠ ᠲᠠᠢ ᠲᠥᠷᠥᠯ ᠵᠦᠢᠯ ᠢ ᠣᠷᠣᠭᠤᠯᠤᠨ ᠠᠪᠴᠢᠷᠠᠨ᠎ᠠ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠥᠷᠨᠢᠭᠦᠯᠵᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠨ᠎ᠡ᠃ ᠳᠥᠷᠪᠡ ᠳᠤ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠣᠷᠣᠨ ᠤ ᠲᠥᠪ ᠤᠨ ᠬᠤᠶᠢᠲᠤ ᠬᠡᠰᠡᠭ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ᠃ ᠣᠷᠣᠨ ᠵᠠᠢ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠠᠮᠢ ᠠᠬᠤᠢ ᠶᠢᠨ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠣᠶ ᠰᠢᠭᠤᠢ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ᠂ ᠮᠠᠭᠤᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ᠂ ᠠᠭᠤᠷᠬᠠᠢ ᠶᠢ ᠰᠡᠷᠭᠦᠭᠡᠨ ᠵᠠᠰᠠᠬᠤ ︽ᠭᠤᠷᠪᠠᠨ ᠶᠡᠭᠡ ᠢᠨᠵᠧᠨᠧᠷᠢᠩ︾ ᠢ ᠬᠡᠷᠡᠭᠵᠢᠭᠦᠯᠵᠦ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢᠶᠠᠷ ᠭᠤᠣᠯᠳᠠᠯᠭ᠎ᠠ ᠪᠣᠯᠭᠠᠭᠰᠠᠨ ᠪᠥᠬᠦ ᠴᠠᠷᠠᠭ᠎ᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠰᠠᠶᠢᠲᠤᠷ ᠠᠳᠬᠤᠵᠤ᠂ ᠮᠣᠳᠣ ᠳᠠᠷᠢᠵᠤ ᠣᠶᠢᠵᠢᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠂ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ ︽ᠠᠮᠢ ᠠᠬᠤᠢ ᠲᠠᠷᠢᠶᠠᠯᠠᠩ ᠮᠠᠯ ᠠᠵᠤ ᠠᠬᠤᠢ︾ ︽ᠨᠡᠭᠦᠷᠡᠰᠦᠲᠥ᠋ᠷᠥᠭᠴᠢ ᠬᠤᠷᠠᠯᠳᠤᠭᠤᠯᠬᠤ ᠠᠵᠤ ᠠᠬᠤᠢ︾ ︽ᠣᠢ ᠰᠢᠭᠤᠢ ᠶᠢᠨ ᠬᠤᠷᠮᠣᠢ ᠶᠢᠨ ᠠᠵᠤ ᠠᠬᠤᠢ︾ ᠵᠡᠷᠭᠡ ᠶᠢ ᠶᠡᠬᠡᠪᠡᠷ ᠬᠥᠭᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠠᠬᠢᠭᠤᠯᠤᠨ᠂ ᠨᠡᠶᠢᠭᠡᠮ ᠤᠨ ᠬᠥᠷᠥᠩᠭᠡ ᠶᠢ ᠣᠷᠣᠭᠤᠯᠤᠨ ᠠᠮᠢ ᠠᠬᠤᠢ ᠶᠢ ᠰᠡᠷᠭᠦᠭᠡᠨ ᠵᠠᠰᠠᠬᠤ ᠳᠤ ᠣᠷᠣᠯᠴᠠᠭᠤᠯᠵᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ ᠪᠠ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠᠨ ᠠᠭᠤᠯᠠ ᠮᠥᠩᠭᠦᠨ ᠠᠭᠤᠯᠠ ᠮᠥᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠭᠠᠵᠠᠷ ᠢ ᠪᠥᠬᠦ ᠬᠦᠴᠦᠨ ᠢᠶᠠᠷ ᠢᠶᠠᠨ ᠴᠢᠷᠮᠠᠶᠢᠨ ᠡᠭᠦᠳᠦᠨ᠎ᠡ᠃ ᠲᠠᠪᠤ ᠳᠤ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠥᠭᠡᠳ ᠪᠦᠲᠦᠮᠵᠢᠲᠡᠢ ᠠᠬᠢᠭᠤᠯᠤᠨ᠎ᠠ᠃ ᠲᠠᠷᠢᠶᠠᠯᠠᠩ ᠤᠨ ᠠᠵᠤ ᠦᠢᠯᠡᠰ ᠤᠨ ᠰᠠᠭᠤᠷᠢ ᠶᠢ ᠪᠠᠬᠢᠵᠢᠭᠦᠯᠵᠦ᠂ ᠬᠡᠪᠴᠢᠶᠡᠵᠢᠭᠦᠯᠦᠨ ᠳᠠᠷᠢᠵᠤ ᠲᠡᠵᠢᠭᠡᠨ ᠦᠷᠡᠵᠢᠭᠦᠯᠬᠦ ᠶᠢ ᠬᠥᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠴᠤ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠲᠥᠪ ᠤᠨ ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠪᠠ ᠨᠡᠶᠢᠭᠡᠮ ᠤᠨ ᠬᠦᠴᠦᠨ ᠤ ︽ᠭᠤᠷᠪᠠᠨ ᠲᠥᠷᠥᠯ ᠢᠶᠠᠷ ᠬᠠᠪᠰᠤᠷᠤᠨ ᠲᠡᠳᠬᠦᠬᠦ︾ ᠶᠢ ᠰᠠᠶᠢᠲᠤᠷ ᠠᠳᠬᠤᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠶᠢ ᠰᠠᠶᠢᠲᠤᠷ ᠬᠢᠵᠦ᠂ ᠣᠷᠣᠯᠭ᠎ᠠ ᠶᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ︽ᠳᠣᠯᠣᠭᠠᠨ ᠨᠢᠭᠡ︾ ᠶᠢᠨ ᠭᠤᠣᠯᠳᠠᠯᠭ᠎ᠠ ᠲᠠᠢ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠤᠨ᠎ᠠ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠪᠠᠯᠭᠠᠰᠤ ᠶᠢ ᠦᠷᠭᠦᠯᠵᠢᠯᠡᠨ ᠪᠣᠶ ᠪᠣᠯᠭᠠᠵᠤ᠂ 311 ᠮᠤᠵᠢ ᠶᠢᠨ ᠵᠠᠮ ᠤᠨ ᠪᠥᠬᠦ ᠱᠤᠭᠤᠮ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ ᠶᠢ ᠠᠬᠢᠭᠤᠯᠵᠤ᠂ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠪᠥᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ ᠪᠠᠶᠢᠭᠤᠯᠤᠨ᠎ᠠ᠃ ᠵᠢᠷᠭᠤᠭ᠎ᠠ ᠳᠤ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠨᠡᠩ ᠴᠢᠬᠤᠯᠠᠴᠢᠯᠠᠨ᠎ᠠ᠃ ᠰᠤᠷᠭᠠᠨ ᠬᠥᠮᠦᠵᠢᠯ ᠡᠮᠴᠢᠯᠡᠭᠡᠨ ᠤ ᠦᠢᠯᠡᠰ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠭᠰᠡᠨ ᠰᠢᠶᠠᠨ ᠢ ᠪᠦᠬᠦ ᠬᠦᠴᠦᠨ ᠢᠶᠠᠷ ᠢᠶᠠᠨ ᠴᠢᠷᠮᠠᠶᠢᠨ ᠪᠠᠶᠢᠭᠤᠯᠵᠤ᠂ ᠬᠠᠮᠲᠤᠷᠠᠨ ᠰᠤᠷᠭᠠᠭᠤᠯᠢ ᠡᠷᠬᠢᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠂ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠵᠦ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠪᠦᠬᠦ ᠬᠦᠴᠦᠨ ᠢᠶᠠᠷ ᠢᠶᠠᠨ ᠴᠢᠷᠮᠠᠶᠢᠨ ᠡᠭᠦᠳᠦᠨ ᠪᠠᠶᠢᠭᠤᠯᠤᠨ᠎ᠠ᠃ ᠨᠡᠶᠢᠭᠡᠮ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠰᠢᠶᠠᠨ᠂ ᠰᠢᠶᠠᠩ᠂ ᠭᠠᠴᠠᠭ᠎ᠠ ᠭᠤᠷᠪᠠᠨ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠬᠦᠴᠢᠷᠳᠡᠯ ᠲᠠᠢ ᠬᠠᠮᠲᠤᠯᠢᠭ ᠤᠨ ᠦᠨᠳᠦᠰᠦᠨ ᠠᠮᠢᠳᠤᠷᠠᠯ ᠢ ᠪᠠᠲᠤᠯᠠᠬᠤ ᠪᠠ ᠠᠪᠤᠷᠠᠨ ᠲᠤᠰᠠᠯᠠᠵᠤ ᠲᠡᠳᠬᠦᠬᠦ ᠵᠡᠷᠭᠡ ᠠᠵᠢᠯ ᠢ ᠰᠠᠶᠢᠲᠤᠷ ᠬᠢᠨ᠎ᠡ᠃ ᠳᠤᠯᠠᠭᠠᠯᠭ᠎ᠠ ᠶᠢᠨ ᠢᠨᠵᠧᠨᠧᠷᠢᠩ ᠢ ᠪᠥᠬᠦ ᠲᠠᠯ᠎ᠠ ᠪᠠᠷ ᠬᠡᠷᠡᠭᠵᠢᠭᠦᠯᠵᠦ᠂ ᠭᠤᠣᠯ ᠬᠤᠲᠠ ᠲᠣᠭᠤᠷᠢᠭ ᠤᠨ ᠢᠯᠴᠢ ᠬᠠᠩᠭᠠᠬᠤ ᠪᠠ ᠬᠥᠳᠡᠭᠡ ᠲᠣᠰᠬᠤᠨ ᠤ ᠳᠤᠯᠠᠭᠠᠯᠭ᠎ᠠ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠪᠦᠬᠦᠨ ᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ ᠬᠤᠲᠠ ᠪᠠᠯᠭᠠᠰᠤ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠪᠠᠯᠭᠠᠰᠤ ᠶᠢᠨ ᠴᠢᠳᠠᠮᠵᠢ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠭᠤᠣᠯ ᠰᠡᠳᠦᠪᠲᠦ ᠬᠥᠮᠦᠵᠢᠯ ᠢ ᠰᠠᠶᠢᠲᠤᠷ ᠠᠳᠬᠤᠵᠤ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠳᠦᠷᠢᠮ ᠲᠣᠭᠲᠠᠭᠠᠯ ᠲᠣᠭᠲᠠᠭᠠᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠤᠣᠯ ᠰᠡᠳᠦᠪᠲᠦ ᠬᠥᠮᠦᠵᠢᠯ ᠤᠨ ᠵᠢᠱᠢᠭᠰᠡᠨ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠨ᠎ᠠ᠃ ᠲᠤᠯᠤᠭ᠎ᠠ ᠳᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ ᠲᠠᠶᠢᠯᠪᠤᠷᠢᠯᠠᠯᠲᠠ ᠪᠠ ᠤᠬᠠᠭᠤᠯᠭ᠎ᠠ ᠳᠡᠯᠭᠡᠷᠡᠭᠦᠯᠦᠯᠲᠡ ᠶᠢ ᠭᠦᠨᠵᠡᠭᠡᠶᠢᠷᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠦᠴᠦᠸᠠᠨ ᠤ ᠨᠡᠷᠡᠳᠤ ᠲᠡᠮᠳᠡᠭ ᠢ ᠡᠭᠦᠳᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠳᠤ ᠲᠤᠭᠤᠰᠢᠯᠠᠭᠤᠯᠬᠤ ᠶᠢ ᠲᠦᠯᠬᠢᠨ ᠠᠬᠢᠭᠤᠯᠤᠨ᠎ᠠ᠃ ᠤᠯᠤᠰ ᠲᠦᠷᠦ ᠶᠢᠨ ᠠᠮᠤᠷ ᠲᠦᠪᠰᠢᠨ᠂ ᠠᠵᠤ ᠠᠬᠤᠢ ᠶᠢᠨ ᠠᠮᠤᠷ ᠲᠦᠪᠰᠢᠨ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠭᠤᠣᠯᠳᠠᠯᠭ᠎ᠠ ᠲᠠᠢ ᠠᠵᠢᠯ ᠲᠥᠷᠥᠯ ᠪᠠ ᠪᠠᠶᠢᠭᠠᠯᠢ ᠶᠢᠨ ᠭᠠᠢ ᠭᠠᠮᠰᠢᠭ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃      ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠠᠵᠤ ᠠᠬᠤᠢ ᠶᠢᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠬᠡᠷᠡᠭᠲᠡᠢ᠃ ᠠᠵᠤ ᠠᠬᠤᠢ ᠶᠢᠨ ᠠᠵᠢᠯ ᠢ ᠠᠳᠬᠤᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠠᠵᠤ ᠠᠬᠤᠢ ᠶᠢᠨ ᠠᠵᠢᠯ ᠢ ᠠᠳᠬᠤᠬᠤ ᠴᠢᠳᠠᠪᠤᠷᠢ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠬᠠᠮᠤᠭ ᠤᠨ ᠥᠷᠭᠡᠨ ᠳᠡᠯᠭᠡᠷ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠢ ᠪᠠᠬᠢᠵᠢᠭᠦᠯᠦᠨ ᠬᠥᠭᠵᠢᠭᠦᠯᠵᠦ᠂ ᠰᠢᠨ᠎ᠡ ᠴᠠᠭ ᠦᠶ᠎ᠡ ᠶᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠴᠢᠩᠭᠠᠳᠬᠠᠵᠤ᠂ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠦᠢᠯᠡᠳᠦᠯ ᠢ ᠪᠠᠳᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠠᠵᠤ ᠠᠬᠤᠢ ᠶᠢᠨ ᠠᠵᠢᠯ ᠢ ᠠᠳᠬᠤᠬᠤ ᠰᠢᠯᠭᠠᠷᠠᠭᠰᠠᠨ ᠡᠩᠨᠡᠭᠡ ᠶᠢ ᠪᠠᠶᠢᠭᠤᠯᠵᠤ᠂ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠶᠡᠭᠡ ᠪᠠᠷ ᠣᠷᠣᠭᠤᠯᠤᠨ ᠠᠪᠴᠢᠷᠠᠵᠤ᠂ ᠺᠠᠳ᠋ᠷ ᠤᠨ ᠡᠩᠨᠡᠭᠡᠨ ᠤ ᠱᠠᠲᠤᠯᠵᠢᠨ ᠡᠩᠨᠡᠭᠡ ᠶᠢᠨ ᠬᠥᠮᠦᠵᠢᠯ ᠢ ᠴᠢᠩᠭᠠᠳᠬᠠᠵᠤ᠂ ᠦᠨᠳᠦᠰᠦᠨ ᠱᠠᠲᠤᠨ ᠤ ᠲᠠᠶᠢᠴᠢᠨ ᠪᠠᠬᠢᠯᠡᠯᠲᠡ ᠶᠢ ᠪᠠᠶᠢᠭᠤᠯᠤᠨ ᠬᠦᠴᠦᠷᠬᠡᠭᠵᠢᠭᠦᠯᠵᠦ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠤᠳᠠᠭᠠᠨ ᠳᠠᠭᠠᠭᠠᠮᠠᠭᠠᠢ ᠲᠠᠶᠢᠨ ᠤ ᠢᠯᠠᠯᠲᠠ ᠶᠢ ᠡᠷᠡᠰ ᠣᠯᠬᠤ ᠬᠡᠷᠡᠭᠲᠡᠢ᠃      ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠡᠭᠦᠷᠭᠡ ᠬᠠᠲᠠᠭᠤ ᠪᠡᠷᠬᠡ᠂ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ ᠬᠠᠷᠠᠯᠲᠠ ᠪᠠᠨ ᠲᠣᠭᠲᠠᠭᠠᠵᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠪᠣᠯᠣᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠶᠢᠨ ᠨᠠᠷᠢᠨ ᠲᠠᠩᠰᠠ ᠶᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠭᠤᠣᠯᠳᠠᠯᠭ᠎ᠠ ᠲᠠᠢ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠥᠪᠡᠷᠮᠢᠴᠡ ᠣᠨᠴᠠᠯᠢᠭ ᠲᠠᠢ ᠬᠢᠯᠠᠰ ᠴᠡᠭ ᠢ ᠡᠭᠦᠳᠴᠦ᠂ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠰᠤᠷᠲᠠᠯ ᠢᠶᠠᠨ ᠬᠤᠪᠢᠷᠠᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠠᠷᠢᠭᠤᠴᠠᠯᠭ᠎ᠠ ᠶᠢᠨ ᠤᠬᠠᠮᠰᠠᠷ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ᠂ ᠬᠥᠮᠥᠨ ᠰᠣᠩᠭᠤᠵᠤ ᠬᠥᠮᠥᠨ ᠬᠡᠷᠡᠭᠯᠡᠬᠦ ᠢᠯᠡ ᠲᠣᠳᠣ ᠤᠳᠤᠷᠢᠳᠤᠮᠵᠢ ᠶᠢ ᠪᠤᠢ ᠪᠣᠯᠭᠠᠵᠤ᠂ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠪᠠ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠥᠷᠭᠡᠨ ᠤᠯᠠᠨ ᠺᠠᠳ᠋ᠷᠴᠤᠳ ᠢ ᠳᠠᠷᠤᠭᠠᠰᠤ ᠪᠠᠨ ᠬᠠᠶᠠᠵᠤ ᠠᠵᠢᠯ ᠬᠢᠵᠦ ᠦᠢᠯᠡᠰ ᠪᠣᠰᠬᠠᠬᠤ ᠪᠣᠯᠭᠠᠬᠤ ᠬᠡᠷᠡᠭᠲᠡᠢ᠃ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠴᠢᠬᠤᠯᠠ ᠶᠡᠭᠡ ᠳᠦᠷᠦᠯ ᠵᠦᠢᠯ᠂ ᠭᠤᠣᠯᠳᠠᠯᠭ᠎ᠠ ᠲᠠᠢ ᠡᠭᠦᠷᠭᠡ᠂ ᠬᠦᠴᠢᠷ ᠠᠵᠢᠯ ᠢ ᠨᠢᠭᠡᠳᠦᠭᠡᠷ ᠹᠷᠣᠨᠲ ᠲᠤ ᠬᠢᠨᠠᠨ ᠵᠢᠯᠤᠭᠤᠳᠴᠤ᠂ ᠲᠤᠭᠤᠰᠢᠲᠠᠢ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃      ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠵᠢᠯ ᠤᠨ ᠡᠴᠦᠰ ᠵᠢᠯ ᠤᠨ ᠡᠬᠢ ᠪᠠᠷ᠂ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠲᠥᠯᠥᠪᠵᠢᠭᠦᠯᠬᠦ ᠪᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠪᠠ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠠᠳᠬᠤᠵᠤ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠭᠦᠨᠵᠡᠭᠡᠢ ᠥᠷᠨᠢᠭᠦᠯᠵᠦ᠂ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠣᠨᠴᠠᠭᠠᠶ ᠬᠦᠴᠢᠷᠳᠡᠯ ᠲᠠᠢ ᠬᠠᠮᠲᠤᠯᠢᠭ ᠢ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ᠪᠠᠨ ᠴᠢᠩᠭᠠᠳᠬᠠᠵᠤ᠂ ᠪᠦᠬᠦ ᠰᠢᠶᠠᠨ ᠤ ᠠᠷᠠᠳ ᠲᠦᠮᠡᠨ ᠢ ᠬᠠᠯᠠᠭᠤᠨ ᠳᠤᠯᠠᠭᠠᠨ ᠢᠶᠠᠷ ᠡᠪᠦᠯᠵᠢᠭᠦᠯᠬᠦ ᠬᠡᠷᠡᠭᠲᠡᠢ᠃      ᠪᠥᠬᠦᠳᠡ ᠬᠤᠷᠠᠯ ᠠᠴᠠ ᠤᠷᠢᠶᠠᠯᠠᠭᠰᠠᠨ ᠨᠢ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠴᠦᠸᠠᠨ ᠤ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠬᠦ ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号