2023 ᠣᠨ ᠤ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾  ᠢᠶᠠᠷ ᠨᠡᠷᠡᠶᠢᠳᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ
ᠨᠡᠶᠢᠲᠡᠯᠡᠭᠰᠡᠨ ᠴᠠᠭ᠄
2024/2/9
     2023 ᠣᠨ ᠳᠤ᠂ ᠪᠦᠭᠦ ᠣᠷᠣᠨ ᠤ ᠥᠷᠭᠡᠨ ᠣᠯᠠᠨ ᠺᠠᠳ᠋ᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠪᠦᠭᠦ ᠣᠷᠣᠨ ᠤ ᠨᠠᠮ ᠤᠨ ᠪᠠᠶᠢᠭᠤᠯᠤᠯᠲᠠ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠠᠬᠢᠭᠤᠯᠬᠤ ᠳᠤᠮᠳᠠ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ ᠪᠠᠨ ᠭᠦᠢᠴᠡᠳᠬᠡᠵᠦ᠂ ᠡᠷᠡᠮᠡᠬᠡᠶᠢᠯᠡᠨ ᠤᠷᠤᠭᠰᠢᠯᠠᠵᠤ᠂ ᠲᠣᠪᠣᠶᠢᠮ᠎ᠠ ᠬᠤᠪᠢ ᠨᠡᠮᠡᠷᠢ ᠦᠵᠡᠭᠦᠯᠵᠦ᠂ ᠡᠯᠪᠡᠭ ᠦᠷ᠎ᠡ ᠪᠦᠲᠦᠭᠡᠯ ᠣᠯᠵᠤ᠂ ᠨᠢᠭᠡ ᠪᠦᠯᠦᠭ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠢᠯᠢᠳᠡᠭ ᠺᠠᠳ᠋ᠷ ᠴᠣᠯᠭᠤᠷᠠᠨ ᠭᠠᠷᠪᠠ᠃ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠵᠤ᠂ ᠨᠡᠶᠢᠲᠡᠯᠢᠭ ᠵᠢᠱᠢᠶ᠎ᠡ ᠶᠢ ᠪᠤᠶ ᠪᠤᠯᠭᠠᠵᠤ᠂ ᠥᠷᠭᠡᠨ ᠣᠯᠠᠨ ᠺᠠᠳ᠋ᠷ ᠤᠨ ᠰᠢᠨ᠎ᠡ ᠴᠠᠭ ᠦᠶ᠎ᠡ ᠰᠢᠨ᠎ᠡ ᠠᠶᠠᠨ ᠳᠤ ᠡᠷᠡᠯᠬᠡᠭᠯᠡᠨ ᠲᠡᠮᠡᠴᠡᠵᠦ᠂ ᠭᠠᠪᠢᠶ᠎ᠠ ᠪᠠᠶᠢᠭᠤᠯᠤᠨ ᠦᠢᠯᠡᠰ ᠪᠣᠰᠬᠠᠬᠤ ᠶᠢ ᠵᠣᠷᠢᠭᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠯᠢ ᠢᠦᠢ ᠵᠢᠶᠣᠣ ᠵᠡᠷᠭᠡ 99 ᠨᠥᠬᠦᠷ ᠢ 2023 ᠣᠨ ᠤ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾ ᠢᠶᠠᠷ ᠨᠡᠷᠡᠶᠢᠳᠬᠦ ᠪᠠᠷ ᠲᠣᠭᠲᠠᠪᠠ᠃      ᠡᠨᠡ ᠤᠳᠠᠭ᠎ᠠ ᠨᠡᠷᠡᠶᠢᠳᠦᠭᠰᠡᠨ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾ ᠪᠣᠯ ᠪᠦᠭᠦ ᠣᠷᠣᠨ ᠤ ᠥᠷᠭᠡᠨ ᠤᠯᠠᠨ ᠺᠠᠳ᠋ᠷ ᠤᠨ ᠰᠢᠯᠢᠳᠡᠭ ᠲᠥᠯᠥᠭᠡᠯᠡᠭᠴᠢᠳ ᠪᠣᠯᠣᠨ᠎ᠠ᠃ ᠲᠡᠳᠡ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠦᠨᠡᠨᠴᠢ ᠰᠢᠳᠤᠷᠭᠤ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠤᠨ ᠪᠠᠶᠢᠷᠢ ᠳᠠᠭᠠᠨ ᠰᠠᠭᠤᠷᠢᠯᠠᠨ ᠡᠷᠡᠮᠡᠬᠡᠶᠢᠯᠡᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠨᠠᠮ ᠤᠨ ᠪᠠᠶᠢᠭᠤᠯᠤᠯᠲᠠ ᠶᠢᠨ ᠭᠤᠣᠯ ᠵᠢᠭᠰᠠᠭᠠᠯ ᠤᠨ ᠭᠠᠵᠠᠷ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠮᠦᠨ᠎ᠡ ᠹᠷᠣᠨᠲ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠠᠮᠤᠭ ᠤᠨ ᠡᠮᠦᠨ᠎ᠡ ᠹᠷᠣᠨᠲ ᠲᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠬᠦᠴᠢᠷ ᠠᠰᠠᠭᠤᠳᠠᠯ ᠢ ᠰᠢᠢᠳᠪᠦᠷᠢᠯᠡᠨ᠂ ᠬᠥᠭᠵᠢᠯᠲᠡ ᠶᠢ ᠠᠬᠢᠭᠤᠯᠵᠤ᠂ ᠪᠣᠳᠠᠲᠠᠢ ᠠᠵᠢᠯ ᠬᠢᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ ᠲᠠᠶᠢᠯᠪᠤᠷᠢᠯᠠᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠬᠦ᠂ ᠨᠠᠮ ᠤᠨ ᠠᠴᠢ ᠳᠤ ᠲᠠᠯᠠᠷᠬᠠᠵᠤ ᠡᠷᠡᠮᠡᠬᠡᠶᠢᠯᠡᠨ ᠤᠷᠤᠭᠰᠢᠯᠠᠬᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠪᠡ᠃ ᠨᠡᠷᠡᠶᠢᠳᠦᠭᠳᠡᠭᠰᠡᠨ ᠺᠠᠳ᠋ᠷᠴᠤᠳ ᠢᠷᠠᠭᠤ ᠠᠯᠳᠠᠷ ᠢᠶᠠᠨ ᠨᠠᠨᠳᠢᠩᠨᠠᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠭᠠᠯ ᠬᠠᠯᠠᠭᠤᠨ ᠦᠢᠯᠡᠳᠦᠯᠭᠡ ᠶᠢᠨ ᠳᠤᠮᠳᠠ ᠴᠤᠴᠠᠯᠲᠠ ᠦᠭᠡᠢ ᠤᠷᠤᠭᠰᠢᠯᠠᠵᠤ᠂ ᠰᠢᠯᠢᠳᠡᠭ ᠠᠮᠵᠢᠯᠲᠠ ᠶᠢ ᠵᠣᠷᠢᠭᠲᠠᠢ ᠡᠭᠦᠳᠬᠦ ᠶᠢ ᠬᠦᠰᠡᠵᠦ ᠪᠠᠶᠢᠨ᠎ᠠ᠃      ᠣᠳᠣᠬᠠᠨ ᠳᠤ᠂ ᠪᠦᠭᠦ ᠣᠷᠣᠨ ᠳᠠᠶᠠᠭᠠᠷ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ᠂ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠣᠷᠣᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠨᠠᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠬᠠᠶᠢᠷ᠎ᠠ ᠬᠠᠯᠠᠮᠵᠢ ᠶᠢᠨ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠵᠡᠷᠭᠡ ᠴᠢᠨᠠᠷ ᠰᠠᠶᠢᠲᠠᠢ ᠬᠥᠭᠵᠢᠯᠲᠡ ᠪᠣᠯᠣᠨ ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠲᠤᠯᠭᠠᠭᠤᠷᠢᠯᠠᠬᠤ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ᠂ ᠬᠥᠰᠢᠭᠦᠷᠭᠡ ᠶᠢᠨ ᠴᠢᠨᠠᠷᠲᠠᠢ ︽ᠵᠢᠷᠭᠤᠭᠠᠨ ᠢᠨᠵᠧᠨᠧᠷᠢᠩ︾ ᠢ ᠭᠤᠣᠯᠳᠠᠯᠭ᠎ᠠ ᠲᠠᠢ ᠬᠡᠷᠡᠭᠵᠢᠭᠦᠯᠵᠦ ᠪᠠᠶᠢᠨ᠎ᠠ᠃ ᠪᠦᠭᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾ ᠤᠨ ᠲᠡᠷᠢᠭᠦᠨ ᠤ ᠦᠶᠯᠡ ᠠᠵᠢᠯᠯᠠᠭ᠎ᠠ ᠶᠢ ᠠᠮᠢᠳᠤᠯᠢᠭ ᠵᠢᠭᠠᠬᠤ ᠮᠠᠲ᠋ᠧᠷᠢᠶᠠᠯ ᠪᠣᠯᠭᠠᠨ᠂ ᠰᠤᠷᠤᠯᠴᠠᠯᠭ᠎ᠠ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠬᠤ᠂ ᠠᠳᠠᠯᠢᠳᠬᠠᠨ ᠰᠤᠷᠤᠯᠴᠠᠵᠤ ᠭᠦᠢᠴᠡᠨ ᠳᠠᠪᠠᠭ᠋ᠤ ᠭᠦᠨ ᠵᠤᠵᠠᠭᠠᠨ ᠠᠭᠤᠷ ᠠᠮᠢᠰᠬᠤᠯ ᠢ ᠦᠨᠡᠨ ᠬᠦ ᠪᠤᠶ ᠪᠤᠯᠭᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ᠂ ᠥᠷᠭᠡᠨ ᠣᠯᠠᠨ ᠺᠠᠳ᠋ᠷ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾ ᠢᠶᠠᠷ ᠳᠠᠭᠤᠷᠢᠶᠠᠯ ᠪᠤᠯᠭᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠵᠣᠷᠢᠭᠲᠠᠢ ᠪᠠᠷ ᠰᠡᠳᠬᠢᠨ ᠵᠣᠷᠢᠭᠲᠠᠢ ᠠᠵᠢᠯᠯᠠᠵᠤ᠂ ᠥᠪᠥᠷ ᠮᠣᠩᠭᠤᠯ ᠤᠨ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠳᠦᠷᠢ ᠲᠥᠷᠬᠦ ᠶᠢ ᠱᠤᠭᠤᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠰᠢᠨ᠎ᠡ ᠠᠶᠠᠨ ᠳᠤ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢᠶᠠᠨ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠤᠷᠢᠶᠠᠯᠠᠵᠤ ᠪᠠᠶᠢᠨ᠎ᠠ︕
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号