ᠵᠣᠴᠢᠨ᠄ ᠬᠥᠬᠡᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢ ᠶᠦᠩ ᠱᠧᠩ᠂ ᠠᠯᠪᠠᠨ ᠭᠡᠷ ᠤᠨ | ᠡᠷᠬᠢᠯᠡᠭᠴᠢ ᠼᠣᠣ ᠬᠤᠢ᠂ ᠶᠡᠷᠦᠩᠬᠡᠢ ᠪᠠᠲᠤᠯᠠᠭ᠎ᠠ ᠶᠢᠨ ᠲᠥᠪ ᠤᠨ ᠡᠷᠬᠢᠯᠡᠭᠴᠢ ᠮᠠ ᠹᠠ ᠺᠦᠨ | | 1. ᠬᠠᠮᠢᠶᠠᠷᠤᠭᠴᠢ | ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ | ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠶᠢᠨ ᠬᠠᠮᠲᠤᠷᠠᠭᠰᠠᠨ ᠲᠤᠰᠬᠠᠶ | ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠨᠠᠶᠢᠵᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠳ ᠲᠠᠢ | ᠦᠵᠡᠯ ᠪᠣᠳᠤᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠨᠠᠶᠢᠵᠠ ᠨᠠᠷ ᠤᠨ ᠢᠳᠡᠪᠬᠢᠲᠡᠶ ᠣᠷᠣᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ᠃ | 2. ᠬᠥᠲᠥᠯᠥᠭᠴᠢ | ᠬᠥᠬᠡᠬᠤᠲᠠ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠬᠤᠯᠠ ᠶᠡᠭᠡ ᠡᠭᠦᠷᠭᠡ ᠪᠣᠯᠭᠠᠨ ᠲᠥᠯᠥᠪᠵᠢᠭᠦᠯᠵᠦ | ᠪᠠᠶᠢᠷᠢᠯᠠᠭᠤᠯᠤᠭᠰᠠᠭᠠᠷ ᠢᠷᠡᠵᠠᠢ᠂ 2023 ᠣᠨ ᠳᠤ ᠮᠠᠨ ᠤ ᠬᠤᠳᠠ ᠶᠢᠨ ᠠᠮᠢ ᠠᠬᠤᠢ ᠶᠢᠨ ᠣᠷᠴᠢᠨ | ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠤᠭᠰᠠᠨ ᠶᠡᠷᠦᠩᠬᠡᠢ ᠪᠠᠶᠢᠳᠠᠯ ᠬᠢᠷᠢ ᠵᠡᠷᠭᠡ ᠪᠤᠢ︖ ᠶᠠᠮᠠᠷ ᠶᠠᠮᠠᠷ | ᠪᠦᠲᠦᠮᠵᠢᠲᠡᠶ ᠠᠷᠭ᠎ᠠ ᠬᠡᠮᠵᠢᠶ᠎ᠡ ᠠᠪᠤᠭᠰᠠᠨ ᠪᠣᠶ︖ | 3. ᠯᠢ ᠶᠦᠩ ᠱᠧᠩ | 2023 ᠣᠨ ᠳᠤ ᠪᠢᠳᠡ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠭᠤᠣᠯ | ᠠᠵᠢᠯ ᠤᠨ ᠲᠣᠭᠤᠷᠢᠨ ᠳᠤ᠂ ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ | ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢ ᠭᠦᠨᠵᠡᠭᠡᠢ ᠰᠠᠶᠢᠲᠤᠷ ᠬᠢᠵᠦ᠂ ᠲᠥᠪ᠂ ᠥᠪᠡᠷᠲᠡᠭᠡᠨ ᠵᠠᠰᠠᠬᠤ | ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠪᠠᠷ | ᠢᠯᠡᠷᠡᠭᠦᠯᠦᠭᠰᠡᠨ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠬᠢᠨᠠᠨ ᠬᠡᠮᠵᠢᠵᠦ ᠬᠢᠨᠠᠨ | ᠬᠠᠮᠢᠶᠠᠷᠬᠤ ᠠᠷᠭ᠎ᠠ ᠬᠡᠯᠪᠡᠷᠢ ᠪᠠᠨ ᠬᠦᠴᠦᠯᠡᠨ ᠰᠢᠯᠢᠳᠡᠭᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ | ᠴᠢᠨᠠᠷ ᠢ ᠦᠷᠭᠦᠯᠵᠢᠯᠡᠨ ᠰᠠᠶᠢᠵᠢᠷᠠᠭᠤᠯᠪᠠ᠃ | ᠠᠭᠠᠷ ᠤᠨ ᠴᠢᠨᠠᠷ ᠤᠨ ᠲᠠᠯ᠎ᠠ ᠪᠠᠷ᠃ ᠪᠥᠬᠦ ᠵᠢᠯ ᠤᠨ ᠰᠢᠯᠢᠳᠡᠭ ᠡᠳᠦᠷ ᠤᠨ ᠲᠤᠭ᠎ᠠ ᠨᠡᠶᠢᠲᠡ 292 | ᠬᠦᠷᠴᠦ᠂ ᠪᠠᠷᠢᠮᠵᠢᠶ᠎ᠠ ᠳᠤ ᠬᠦᠷᠦᠭᠰᠡᠨ ᠨᠣᠷᠮ᠎ᠠ ᠨᠢ 87.0% ︵ᠡᠯᠡᠰᠦ ᠲᠣᠭᠤᠰᠣᠨ ᠤ ᠨᠥᠯᠥᠭᠡ ᠶᠢ ᠬᠠᠰᠤᠨ᠎ᠠ︶ | ᠬᠦᠷᠴᠦ᠂ ᠬᠢᠨᠠᠨ ᠰᠢᠯᠭᠠᠬᠤ ᠭᠦᠢᠴᠡᠳᠬᠡᠯ ᠲᠤᠭ᠎ᠠ ᠠᠴᠠ 7.7 ᠵᠠᠭᠤᠨ ᠤ ᠨᠢᠭᠡᠴᠢ ᠳᠡᠭᠡᠭᠰᠢᠯᠡᠪᠡ᠃ | ᠤᠰᠤᠨ ᠤ ᠣᠷᠴᠢᠨ ᠲᠣᠭᠤᠷᠢᠨ ᠤ ᠴᠢᠨᠠᠷ ᠤᠨ ᠲᠠᠯ᠎ᠠ ᠪᠠᠷ᠃ ᠭᠠᠵᠠᠷ ᠤᠨ ᠭᠠᠳᠠᠷᠭᠤ ᠶᠢᠨ ᠤᠰᠤᠨ ᠤ | ᠤᠯᠤᠰ ᠤᠨ ᠡᠵᠡᠮᠰᠢᠯ ᠤᠨ ᠣᠭᠲᠣᠯᠣᠭᠠᠰᠤ ᠶᠢᠨ ᠤᠰᠤᠨ ᠤ ᠴᠢᠨᠠᠷ ︵ᠳᠤᠮᠳᠠᠴᠢ ᠬᠡᠮᠵᠢᠭᠳᠡᠯ︶ ᠤᠨ ᠪᠠᠷᠢᠮᠵᠢᠶ᠎ᠠ ᠳᠤ | ᠬᠦᠷᠦᠭᠰᠡᠨ ᠨᠣᠷᠮ᠎ᠠ 100% ᠬᠦᠷᠴᠦ᠂ Ⅲ ᠲᠥᠷᠥᠯ ᠤᠨ ᠤᠰᠤᠨ ᠴᠣᠭᠴᠠ ᠳᠤ ᠭᠦᠷᠦᠭᠰᠡᠨ ᠪᠤᠶᠤ | ᠲᠡᠭᠦᠨ ᠠᠴᠠ ᠰᠠᠶᠢᠨ ᠪᠣᠯᠤᠭᠰᠠᠨ ᠬᠠᠷᠢᠴᠠᠯ ᠨᠢ 60% ᠬᠦᠷᠴᠦ᠂ ᠮᠠᠭᠤ V ᠲᠥᠷᠥᠯ ᠤᠨ ᠤᠰᠤᠨ ᠴᠣᠭᠴᠠ ᠶᠢ | ᠠᠷᠢᠯᠭᠠᠵᠤ᠂ ᠣᠭᠲᠣᠯᠣᠭᠠᠰᠤ ᠶᠢᠨ ᠤᠰᠤᠨ ᠤ ᠴᠢᠨᠠᠷ ᠨᠢ ᠠᠳᠠᠯᠢ ᠬᠤᠭᠤᠴᠠᠭᠠᠨ ᠤ ᠬᠢ ᠠᠴᠠ ︽ᠳᠥᠷᠪᠡ ᠨᠢ | ᠲᠡᠭᠰᠢ ᠨᠢᠭᠡ ᠨᠢ ᠳᠡᠭᠡᠭᠰᠢᠯᠡᠪᠡ︾᠂ ᠡᠭᠦᠨ ᠳᠤ ᠤᠯᠠᠭᠠᠨᠮᠥ᠋ᠷᠡᠨ ᠭᠤᠣᠯ ᠤᠨ ᠬᠠᠲᠤᠨ ᠭᠤᠣᠯ ᠳᠤ ᠴᠢᠳᠬᠤᠬᠤ | ᠣᠭᠲᠣᠯᠣᠭᠠᠰᠤ ᠶᠢᠨ ᠤᠰᠤᠨ ᠤ ᠴᠢᠨᠠᠷ ᠨᠢ Ⅲ ᠲᠥᠷᠥᠯ ᠠᠴᠠ Ⅱ ᠲᠥᠷᠥᠯ ᠳᠤ ᠭᠦᠷᠦᠭᠰᠡᠨ ᠪᠠᠶᠢᠨ᠎ᠠ᠃ | ᠬᠤᠲᠠ ᠶᠢᠨ ᠲᠥᠪᠯᠡᠷᠡᠩᠭᠦᠢ ᠮᠠᠶ᠋ᠢᠭ ᠤᠨ ᠢᠳᠡᠬᠦ ᠤᠰᠤᠨ ᠤ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠢ Ⅲ | ᠲᠥᠷᠥᠯ ᠤᠨ ᠪᠠᠷᠢᠮᠵᠢᠶ᠎ᠠ ᠶᠢᠨ ᠬᠢᠵᠠᠭᠠᠷᠯᠠᠭᠰᠠᠨ ᠬᠡᠮᠵᠢᠭᠳᠡᠯ ᠳᠤ ᠬᠦᠷᠪᠡ᠃ | ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠲᠠᠯ᠎ᠠ ᠪᠠᠷ᠃ ᠪᠥᠬᠦ ᠬᠤᠲᠠ ᠶᠢᠨ | ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠠᠮᠢᠶᠠᠷᠤᠨ | ᠡᠵᠡᠮᠳᠡᠬᠦ ᠨᠣᠷᠮ᠎ᠠ᠂ ᠪᠣᠬᠢᠷᠲᠤᠭᠰᠠᠨ ᠭᠠᠵᠠᠷ ᠤᠨ ᠠᠮᠤᠷ ᠲᠦᠪᠰᠢᠨ ᠤ ᠠᠰᠢᠭᠯᠠᠯᠲᠠ ᠶᠢᠨ ᠨᠣᠷᠮ᠎ᠠ 100% | ᠬᠥᠷᠪᠡ᠃ | ᠡᠭᠦᠨ ᠤ ᠲᠤᠯᠠᠳᠠ ᠪᠢᠳᠠᠨ ᠳᠣᠣᠷᠠᠬᠢ ᠮᠡᠲᠦ ᠳᠥᠷᠪᠡᠨ ᠵᠦᠢᠯ ᠤᠨ ᠠᠷᠭ᠎ᠠ ᠬᠡᠮᠵᠢᠶ᠎ᠡ ᠠᠪᠤᠭᠰᠠᠨ ᠪᠠᠶᠢᠨ᠎ᠠ᠄ | ᠨᠢᠭᠡ ᠳᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠦᠬᠦ ᠲᠠᠯ᠎ᠠ ᠪᠠᠷ ᠪᠠᠬᠢᠵᠢᠭᠦᠯᠦᠨ ᠳᠡᠭᠡᠭᠰᠢᠯᠡᠭᠦᠯᠪᠡ᠃ ︽ | ᠬᠥᠬᠡᠬᠤᠲᠠ ᠶᠢᠨ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠬᠤᠲᠠ ᠶᠢ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠵᠢᠭᠦᠯᠬᠦ ᠲᠥᠰᠥᠯ ︵2023 ︱ 2025 ᠣᠨ︶︾ ᠢ | ᠳᠠᠷᠤᠮᠠᠯᠯᠠᠨ ᠲᠠᠷᠬᠠᠭᠠᠵᠤ᠂ 36 ᠵᠦᠢᠯ ᠤᠨ ᠭᠦᠢᠴᠡᠳᠬᠡᠯ ᠲᠤᠭ᠎ᠠ ᠶᠢ ᠦᠷᠭᠦᠯᠵᠢᠯᠡᠨ ᠪᠠᠬᠢᠵᠢᠭᠦᠯᠦᠨ | ᠳᠡᠭᠡᠭᠰᠢᠯᠡᠭᠦᠯᠪᠡ᠃ ᠬᠤᠰᠢᠭᠤ ᠰᠢᠶᠠᠨ ᠲᠣᠭᠤᠷᠢᠭ ᠤᠨ ᠤᠯᠤᠰ᠂ ᠥᠪᠡᠷᠲᠡᠭᠡᠨ ᠵᠠᠰᠠᠬᠤ ᠣᠷᠣᠨ ᠤ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠪᠠ ︽ᠬᠥᠬᠡᠮᠳᠦᠭ ᠨᠣᠭᠤᠭᠠᠨ | ᠠᠭᠤᠯᠠ ᠤᠰᠤ ᠪᠣᠯ ᠠᠯᠲᠠᠨ ᠠᠭᠤᠯᠠ ᠮᠥᠩᠭᠦᠨ ᠠᠭᠤᠯᠠ︾ ᠶᠢᠨ ᠦᠢᠯᠡᠳᠦᠯᠭᠡ ᠶᠢᠨ ᠰᠢᠨ᠎ᠡ ᠶᠢ ᠡᠭᠦᠳᠬᠦ | ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠥᠷᠨᠢᠭᠦᠯᠵᠦ᠂ ᠪᠥᠬᠦ ᠣᠷᠣᠨ ᠪᠦᠰᠡ ᠳᠤ | ᠡᠭᠦᠳᠦᠨ ᠪᠠᠶᠢᠭᠤᠯᠬᠤ ᠶᠡᠭᠡ ᠪᠠᠶᠢᠷᠢᠰᠢᠯ ᠢ ᠪᠣᠶ ᠪᠣᠯᠭᠠᠪᠠ᠃ ᠰᠢᠨ᠎ᠡ ᠬᠤᠲᠠ ᠲᠣᠭᠤᠷᠢᠭ᠂ ᠬᠤᠲᠣᠩ ᠠᠷᠠᠳ ᠤᠨ | ᠲᠣᠭᠤᠷᠢᠭ ᠲᠣᠰ ᠲᠣᠰ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ︽ᠬᠥᠬᠡᠮᠳᠦᠭ ᠨᠣᠭᠤᠭᠠᠨ | ᠠᠭᠤᠯᠠ ᠤᠰᠤ ᠪᠣᠯ ᠠᠯᠲᠠᠨ ᠠᠭᠤᠯᠠ ᠮᠥᠩᠭᠦᠨ ᠠᠭᠤᠯᠠ︾ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ | ᠭᠠᠵᠠᠷ ᠢᠶᠠᠷ ᠨᠡᠷᠡᠶᠢᠳᠴᠦ᠂ ᠲᠦᠮᠡᠳ ᠵᠡᠭᠦᠨ ᠬᠤᠰᠢᠭᠤ᠂ ᠰᠠᠶᠢᠬᠠᠨ ᠲᠣᠭᠤᠷᠢᠭ ᠥᠪᠡᠷᠲᠡᠭᠡᠨ ᠵᠠᠰᠠᠬᠤ ᠣᠷᠣᠨ ᠤ | ᠲᠠᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠢᠶᠠᠷ ᠨᠡᠷᠡᠶᠢᠳᠴᠦ᠂ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠠᠬᠢᠨᠲᠠ ᠦᠷ᠎ᠡ ᠪᠦᠲᠦᠭᠡᠯ ᠣᠯᠪᠠ᠃ | ᠬᠤᠶᠠᠷ ᠲᠤ᠂ ︽ᠭᠤᠷᠪᠠᠨ ᠶᠡᠭᠡ ᠬᠠᠮᠠᠭᠠᠯᠠᠯᠲᠠ ᠶᠢᠨ ᠳᠠᠶᠢᠯᠠᠯᠳᠤᠭᠠᠨ︾ ᠢ ᠥᠨᠳᠥᠷ ᠪᠠᠷᠢᠮᠵᠢᠶ᠎ᠠ ᠪᠠᠷ | ᠰᠠᠶᠢᠲᠤᠷ ᠬᠢᠪᠡ᠃ ① ᠠᠭᠠᠷ ᠮᠠᠨᠳᠠᠯ ᠤᠨ ᠪᠣᠬᠢᠷᠲᠤᠯ ᠢ ᠬᠠᠮᠵᠢᠯᠴᠠᠨ ᠵᠠᠰᠠᠬᠤ ᠶᠢ ᠢᠳᠡᠪᠬᠢᠲᠡᠢ ᠲᠦᠯᠬᠢᠨ | ᠠᠬᠢᠭᠤᠯᠪᠠ᠃ ② ᠤᠰᠤᠨ ᠤ ᠣᠷᠴᠢᠨ ᠲᠣᠭᠤᠷᠢᠨ ᠢ ᠶᠡᠬᠡᠪᠡᠷ ᠶᠡᠷᠦᠩᠬᠡᠶᠢᠯᠡᠨ ᠵᠠᠰᠠᠪᠠ᠃ ③ ᠬᠥᠷᠥᠰᠥ | ᠰᠢᠷᠣᠢ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠴᠢᠩᠭ᠎ᠠ ᠬᠠᠮᠠᠭᠠᠯᠠᠪᠠ᠃ | ᠭᠤᠷᠪᠠ ᠳᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ | ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠪᠦᠬᠦ ᠬᠦᠴᠦᠨ ᠢᠶᠠᠷ ᠴᠡᠭᠴᠡᠯᠡᠨ ᠰᠠᠶᠢᠵᠢᠷᠠᠭᠤᠯᠪᠠ᠃ | ᠳᠥᠷᠪᠡ ᠳᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠳᠠᠬᠢ | ᠨᠥᠯᠥᠭᠡ ᠶᠢ ᠦᠨᠡᠯᠡᠬᠦ ᠪᠠ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠪᠡ᠃ | 4. ᠬᠥᠲᠥᠯᠥᠭᠴᠢ | ᠪᠠᠭᠲᠠᠭᠠᠮᠵᠢᠲᠠᠢ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠪᠣᠯ ᠬᠤᠳᠠᠯᠳᠤᠭ᠎ᠠ ᠡᠷᠬᠢᠯᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ | ᠬᠥᠭᠵᠢᠭᠡᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠮᠠᠨ ᠤ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ | ᠰᠢᠰᠲ᠋ᠧᠮ ᠤᠨ ᠬᠢᠨ ᠡᠨᠡ ᠲᠠᠯ᠎ᠠ ᠪᠠᠷ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠤᠭᠰᠠᠨ ᠪᠣᠢ︖ ᠦᠷ᠎ᠡ ᠳ᠋ᠦᠩ | ᠨᠢ ᠬᠢᠷᠢ ᠵᠡᠷᠭᠡ ᠪᠤᠢ︖ | 5. ᠯᠢ ᠶᠦᠩ ᠱᠧᠩ | ᠪᠢᠳᠡ ᠴᠠᠭ ᠢᠮᠠᠭᠲᠠ ︽ᠰᠤᠯᠠ ᠴᠢᠩᠭ᠎ᠠ ᠶᠢ ᠤᠶᠠᠯᠳᠤᠭᠤᠯᠵᠤ᠂ ᠴᠢᠩᠭ᠎ᠠ ᠬᠠᠮᠢᠶᠠᠷᠴᠤ ᠵᠤᠵᠠᠭᠠᠨ | ᠬᠠᠶᠢᠷᠠᠯᠠᠬᠤ︾ ᠬᠠᠪᠰᠤᠷᠤᠨ ᠲᠡᠳᠬᠦᠬᠦ ᠬᠠᠤᠯᠢ ᠬᠡᠷᠡᠭᠵᠢᠭᠦᠯᠬᠦ ᠣᠶᠢᠯᠠᠭᠠᠭᠳᠠᠬᠤᠨ ᠢ ᠪᠠᠷᠢᠮᠲᠠᠯᠠᠵᠤ᠂ ᠬᠠᠤᠯᠢ | ᠬᠡᠷᠡᠭᠵᠢᠭᠦᠯᠬᠦ ᠶᠢ ᠨᠡᠩ ︽ᠬᠠᠯᠠᠭᠤᠨ ᠳᠤᠯᠠᠭᠠᠨ︾ ᠪᠣᠯᠭᠠᠪᠠ᠃ ① ᠠᠶᠤᠯᠲᠠᠢ ᠬᠠᠶᠠᠭᠳᠠᠮᠠᠯ ᠪᠣᠳᠠᠰ ᠤᠨ ᠣᠷᠴᠢᠨ | ᠲᠣᠭᠤᠷᠢᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠂ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠶᠢ | ᠬᠠᠭᠤᠷᠮᠠᠭ ᠵᠣᠬᠢᠶᠠᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠵᠡᠷᠭᠡ 8 | ᠤᠳᠠᠭ᠎ᠠ ᠶᠢᠨ ᠬᠠᠤᠯᠢ ᠬᠡᠷᠡᠭᠵᠢᠭᠦᠯᠬᠦ ᠲᠤᠰᠬᠠᠢ ᠪᠠᠶᠢᠴᠠᠭᠠᠯᠲᠠ ᠥᠷᠨᠢᠭᠦᠯᠪᠡ᠃ ② ᠪᠠᠭᠲᠠᠭᠠᠮᠵᠢᠲᠠᠢ ᠪᠣᠯᠭᠤᠮᠵᠢᠲᠠᠢ | ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠦᠨ᠂ ᠠᠵᠤ ᠠᠬᠤᠶᠢᠯᠠᠯ ᠤᠨ ᠬᠥᠭᠵᠢᠯᠲᠡ ᠳᠤ ᠦᠢᠯᠡᠴᠢᠯᠡᠵᠦ᠂ ᠣᠷᠴᠢᠨ ᠠᠬᠤᠢ ᠶᠢᠨ ᠪᠠᠭ᠎ᠠ | ᠠᠰᠠᠭᠤᠳᠠᠯ ᠣᠷᠣᠰᠢᠵᠤ ᠪᠠᠶᠢᠭ᠎ᠠ 13 ᠬᠡᠷᠡᠭ ᠢ ᠰᠢᠢᠳᠬᠡᠯ ᠠᠴᠠ ᠬᠡᠯᠲᠦᠷᠢᠭᠦᠯᠵᠦ᠂ ᠬᠤᠯᠪᠣᠭᠳᠠᠬᠤ | ᠲᠣᠷᠭᠠᠭᠤᠯᠢ ᠶᠢᠨ ᠮᠥᠩᠭᠦ 210.13 ᠲᠦᠮᠡᠨ ᠲᠥᠭᠦᠷᠢᠭ ᠬᠦᠷᠴᠡᠢ᠃ | 6. ᠬᠥᠲᠥᠯᠥᠭᠴᠢ | ᠣᠳᠣᠬᠠᠨ ᠳᠤ᠂ ︽ᠬᠠᠶᠠᠭᠳᠠᠮᠠᠯ ᠪᠣᠳᠠᠰ ᠦᠭᠡᠢ ᠬᠤᠲᠠ︾ ᠨᠢ ᠨᠢᠭᠡᠨᠲᠡ ᠨᠢᠭᠡ ᠵᠦᠢᠯ ᠤᠨ ᠬᠤᠲᠠ ᠶᠢᠨ | ᠰᠢᠯᠢᠳᠡᠭ ᠬᠠᠮᠢᠶᠠᠷᠤᠯᠲᠠ ᠶᠢᠨ ᠣᠶᠢᠯᠠᠭᠠᠭᠳᠠᠬᠤᠨ ᠪᠣᠯᠵᠤ᠂ ᠬᠥᠮᠥᠰ ᠤᠨ ᠠᠩᠬᠠᠷᠤᠯ ᠢ ᠤᠯᠠᠮ ᠠᠴᠠ ᠤᠯᠠᠮ | ᠲᠠᠲᠠᠵᠤ ᠪᠠᠶᠢᠨ᠎ᠠ᠂ ᠮᠠᠨ ᠤ ᠬᠤᠲᠠ ︽ᠬᠠᠶᠠᠭᠳᠠᠮᠠᠯ ᠪᠣᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢ | ᠬᠡᠷᠬᠢᠨ ᠠᠬᠢᠭᠤᠯᠵᠤ ᠪᠠᠶᠢᠬᠤ ᠪᠣᠶ︖ | 7. ᠯᠢ ᠶᠦᠩ ᠱᠧᠩ | ᠪᠥᠬᠦ ᠬᠤᠲᠠ ᠶᠢᠨ ᠬᠠᠮᠲᠤ ᠶᠢᠨ ᠴᠢᠷᠮᠠᠶᠢᠯᠭ᠎ᠠ ᠪᠠᠷ ᠮᠠᠨ ᠤ ᠬᠤᠲᠠ ᠠᠮᠢ ᠠᠬᠤᠢ ᠶᠢᠨ ᠣᠷᠴᠢᠨ | ᠲᠣᠭᠤᠷᠢᠨ ᠤ ᠶᠠᠮᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ | ︽ᠬᠠᠶᠠᠭᠳᠠᠮᠠᠯ ᠪᠣᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠨᠡᠷᠡᠰ ᠲᠤ ᠠᠮᠵᠢᠯᠲᠠ ᠲᠠᠢ ᠪᠠᠷ | ᠰᠣᠩᠭᠤᠭᠳᠠᠪᠠ᠃ ᠡᠭᠦᠨ ᠢᠶᠠᠷ ᠠᠵᠠ ᠲᠣᠬᠢᠶᠠᠯ ᠪᠣᠯᠭᠠᠵᠤ᠂ ᠪᠢᠳᠡ ︽ᠬᠠᠶᠠᠭᠳᠠᠮᠠᠯ ᠪᠣᠳᠠᠰ ᠦᠭᠡᠢ ᠬᠤᠲᠠ︾ ᠶᠢᠨ | ᠪᠦᠲᠦᠭᠡᠨ ᠪᠠᠶᠢᠭᠤᠯᠤᠯᠲᠠ ᠶᠢ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ | ᠦᠵᠡᠭᠦᠯᠬᠦ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ᠂ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠦᠷᠭᠦᠯᠵᠢᠯᠡᠨ ᠠᠬᠢᠭᠤᠯᠬᠤ ᠶᠡᠷᠦᠩᠬᠡᠢ ᠭᠠᠷᠳᠠᠴᠠ | ᠪᠣᠯᠭᠠᠵᠤ᠂ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠲᠣᠪᠣᠶᠢᠮ᠎ᠠ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠵᠡᠷᠭᠡ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠪᠠ᠃ ᠭᠤᠣᠯᠳᠠᠭᠤ ᠭᠤᠷᠪᠠᠨ ᠲᠠᠯ᠎ᠠ ᠪᠠᠷ ᠬᠦᠴᠦᠯᠡᠪᠡ᠄ ① | ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠪᠠ᠃ ᠨᠢᠭᠡᠨᠲᠡ ᠪᠣᠯᠪᠠᠰᠤᠷᠠᠩᠭᠤᠢ ᠠᠵᠢᠯᠯᠠᠭᠰᠠᠨ ᠤᠯᠤᠰ ᠤᠨ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢᠨ ᠤᠳᠤᠷᠢᠳᠬᠤ | ᠳᠤᠭᠤᠶᠢᠯᠠᠩ ᠳᠤ ᠲᠦᠰᠢᠭᠯᠡᠨ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠬᠤᠲᠠ ᠶᠢᠨ | ᠱᠠᠲᠤᠨ ᠤ 10 ᠰᠠᠯᠠᠭ᠎ᠠ ᠮᠥᠴᠢᠷ ᠢᠶᠠᠷ ᠭᠤᠣᠯᠳᠠᠯᠭ᠎ᠠ ᠪᠣᠯᠭᠠᠵᠤ᠂ ᠠᠵᠢᠯ ᠤᠨ ᠲᠤᠰᠬᠠᠢ ᠠᠩᠭᠢ ᠶᠢ ᠪᠠᠶᠢᠭᠤᠯᠤᠨ | ᠬᠦᠴᠦᠷᠬᠡᠭᠵᠢᠭᠦᠯᠪᠡ᠃ ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠤ | ︿ᠬᠠᠶᠠᠭᠳᠠᠮᠠᠯ ᠪᠣᠳᠠᠰ ᠦᠭᠡᠢ ᠬᠤᠲᠠ﹀ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ᠢ | ᠳᠠᠷᠤᠮᠠᠯᠯᠠᠨ ᠲᠠᠷᠬᠠᠭᠠᠨ ᠬᠡᠷᠡᠭᠵᠢᠭᠦᠯᠵᠦ᠂ ︽ᠬᠠᠶᠠᠭᠳᠠᠮᠠᠯ ᠪᠣᠳᠠᠰ ᠦᠭᠡᠢ ᠬᠤᠲᠠ︾ ᠶᠢᠨ ᠪᠦᠲᠦᠭᠡᠨ | ᠪᠠᠶᠢᠭᠤᠯᠤᠯᠲᠠ ᠶᠢᠨ ᠠᠵᠢᠯ ᠤᠨ ᠲᠤᠰᠬᠠᠢ ᠠᠩᠭᠢ ᠶᠢ ᠵᠣᠬᠢᠶᠠᠨ ᠪᠠᠶᠢᠭᠤᠯᠵᠤ᠂ ︽ᠭᠠᠷᠠᠭ ᠢᠶᠠᠷ ᠲᠣᠬᠢᠷᠠᠭᠤᠯᠬᠤ᠂ | ᠰᠠᠷ᠎ᠠ ᠪᠠᠷ ᠬᠤᠷᠢᠶᠠᠩᠭᠤᠶᠢᠯᠠᠬᠤ᠂ ᠤᠯᠠᠷᠢᠯ ᠢᠶᠠᠷ ᠮᠡᠳᠡᠭᠡᠯᠡᠬᠦ︾ ᠠᠵᠢᠯ ᠤᠨ ᠲᠣᠭᠲᠠᠴᠠ ᠶᠢ ᠬᠡᠷᠡᠭᠵᠢᠭᠦᠯᠦᠨ᠂ | ᠨᠠᠶᠢᠳᠠᠪᠤᠷᠢᠵᠢᠭᠤᠯᠤᠨ ᠬᠡᠷᠡᠭᠵᠢᠭᠦᠯᠬᠦ ᠬᠦᠴᠦᠨ ᠢ ᠴᠢᠩᠭᠠᠷᠠᠭᠤᠯᠪᠠ᠃ ② ᠲᠥᠷᠥᠯ ᠵᠦᠢᠯ ᠢᠶᠠᠷ ᠳᠠᠶᠢᠴᠢᠯᠠᠬᠤ ᠶᠢ | ᠳᠣᠪᠣᠶᠢᠯᠭᠠᠪᠠ᠃ ᠠᠵᠤ ᠦᠢᠯᠡᠳᠪᠦᠷᠢ ᠶᠢᠨ ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ | ᠠᠰᠢᠭᠯᠠᠬᠤ᠂ ᠡᠮᠴᠢᠯᠡᠭᠡᠨ ᠤ ᠬᠤᠭ ᠨᠣᠪᠰᠢ ᠶᠢ ᠰᠢᠢᠳᠪᠦᠷᠢᠯᠡᠬᠦ᠂ ᠪᠠᠷᠢᠯᠭ᠎ᠠ ᠶᠢᠨ ᠬᠤᠭ ᠨᠣᠪᠰᠢ ᠶᠢ ᠬᠤᠷᠢᠶᠠᠨ | ᠠᠪᠴᠤ ᠶᠡᠷᠦᠩᠬᠡᠶᠢᠯᠡᠨ ᠠᠰᠢᠭᠯᠠᠬᠤ ᠵᠡᠷᠭᠡ ᠪᠠᠭᠤᠷᠠᠢ ᠲᠠᠯ᠎ᠠ ᠳᠤ ᠬᠠᠨᠳᠤᠭᠤᠯᠤᠨ᠂ 42 ᠭᠤᠣᠯᠳᠠᠯᠭ᠎ᠠ ᠲᠠᠢ ᠲᠥᠷᠥᠯ | ᠵᠦᠢᠯ ᠢ ᠪᠠᠶᠢᠷᠢᠯᠠᠭᠤᠯᠤᠨ ᠬᠡᠷᠡᠭᠵᠢᠭᠦᠯᠵᠦ᠂ 32 ᠲᠥᠷᠥᠯ ᠵᠦᠢᠯ ᠢ ᠳᠠᠭᠤᠰᠬᠠᠵᠤ᠂ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠰᠢᠢᠳᠪᠦᠷᠢᠯᠡᠵᠦ ᠠᠰᠢᠭᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ③ ᠪᠦᠬᠦ ᠠᠷᠠᠳ ᠢ | ᠳᠠᠶᠢᠴᠢᠯᠠᠨ ᠣᠷᠣᠯᠴᠠᠭᠤᠯᠪᠠ᠃ ︽ᠬᠠᠶᠠᠭᠳᠠᠮᠠᠯ ᠦᠭᠡᠢ ᠡᠰ︾ ᠤᠨ ᠪᠠᠶᠢᠭᠤᠯᠤᠯᠲᠠ ᠶᠢ ᠡᠬᠢᠯᠡᠭᠦᠯᠵᠦ᠂ ᠬᠤᠶᠠᠷ | ᠪᠦᠯᠦᠭ 58 ︽ᠬᠠᠶᠠᠭᠳᠠᠮᠠᠯ ᠦᠭᠡᠢ ᠡᠰ︾ ᠢ ᠡᠭᠦᠳᠦᠨ ᠪᠠᠶᠢᠭᠤᠯᠬᠤ ᠨᠡᠷᠡᠰ ᠢ ᠨᠡᠶᠢᠲᠡᠯᠡᠪᠡ᠃ 2023 ᠣᠨ ᠳᠤ | ᠂ ᠠᠵᠤ ᠦᠢᠯᠡᠳᠪᠦᠷᠢ ᠶᠢᠨ ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠭᠰᠠᠨ | ᠨᠤᠷᠮ᠎ᠠ 57% ᠬᠦᠷᠪᠡ᠃ | 8. ᠬᠥᠲᠥᠯᠥᠭᠴᠢ | ᠣᠳᠣᠬᠠᠨ ᠳᠤ ᠮᠠᠨ ᠤ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠠᠯ᠎ᠠ ᠳᠤ ᠪᠠᠰᠠ ᠶᠠᠮᠠᠷ | ᠶᠠᠮᠠᠷ ᠳᠣᠪᠣᠶᠢᠮ᠎ᠠ ᠠᠰᠠᠭᠤᠳᠠᠯ ᠣᠷᠣᠰᠢᠵᠤ ᠪᠠᠶᠢᠨ᠎ᠠ︖ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠰᠢᠢᠳᠪᠦᠷᠢᠯᠡᠬᠦ ᠪᠠᠷ | ᠪᠠᠶᠢᠨ᠎ᠠ︖ | 9. ᠯᠢ ᠶᠦᠩ ᠱᠧᠩ | ᠠᠮᠵᠢᠯᠲᠠ ᠪᠠᠨ ᠳ᠋ᠦᠩᠨᠡᠬᠦ ᠶᠢᠨ ᠬᠠᠮᠲᠤ ᠪᠢᠳᠡ ᠪᠠᠰᠠ ᠠᠵᠢᠯ ᠤᠨ ᠲᠠᠯ᠎ᠠ ᠪᠠᠷ ᠮᠥᠨ ᠬᠦ ᠵᠥᠷᠢᠶ᠎ᠡ ᠲᠠᠢ | ᠪᠠᠶᠢᠬᠤ ᠪᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠬᠤ ᠶᠢ ᠲᠠᠨᠢᠵᠤ ᠣᠯᠣᠭᠰᠠᠨ ᠪᠠᠶᠢᠨ᠎ᠠ᠄ ᠨᠢᠭᠡ ᠳᠤ ᠠᠭᠠᠷ | ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠳᠤ ᠬᠦᠴᠢᠷᠳᠡᠯ ᠶᠡᠬᠡᠰᠴᠦ᠂ | ᠣᠽᠣᠨ ᠪᠠᠷᠢᠮᠵᠢᠶ᠎ᠠ ᠠᠴᠠ ᠬᠡᠲᠦᠷᠡᠭᠰᠡᠨ ᠠᠴᠠ ᠪᠣᠯᠤᠭᠰᠠᠨ ᠪᠣᠬᠢᠷᠲᠤᠯ ᠲᠠᠢ ᠴᠠᠭ ᠠᠭᠤᠷ ᠤᠨ ᠪᠥᠬᠦ ᠵᠢᠯ ᠤᠨ | ᠪᠣᠬᠢᠷᠲᠤᠯ ᠲᠠᠢ ᠡᠳᠦᠷ ᠤᠨ ᠲᠤᠭ᠎ᠠ ᠳᠠᠬᠢ ᠡᠵᠡᠯᠡᠬᠦ ᠬᠠᠷᠢᠴᠠᠯ ᠵᠢᠯ ᠳᠠᠷᠠᠭᠠᠯᠠᠨ ᠨᠡᠮᠡᠭᠳᠡᠵᠦ᠂ ᠣᠽᠣᠨ ᠨᠢ ᠮᠠᠨ ᠤ | ᠬᠤᠲᠠ ᠶᠢᠨ ᠵᠣᠨ ᠤ ᠤᠯᠠᠷᠢᠯ ᠤᠨ ᠥᠨᠳᠥᠷ ᠬᠠᠯᠠᠭᠤᠨ ᠴᠠᠭ ᠠᠭᠤᠷ ᠤᠨ ᠠᠭᠠᠷ ᠤᠨ ᠶᠠᠰᠤ ᠴᠢᠨᠠᠷ ᠢ ᠬᠢᠵᠠᠭᠠᠷᠯᠠᠬᠤ | ᠭᠤᠣᠯ ᠬᠦᠴᠦᠨ ᠵᠦᠢᠯ ᠪᠣᠯᠵᠤ ᠪᠠᠶᠢᠨ᠎ᠠ᠃ ᠬᠤᠶᠠᠷ ᠲᠤ ᠦᠶᠡᠷ ᠤᠨ ᠬᠤᠭᠤᠴᠠᠭᠠᠨ ᠤ ᠣᠭᠲᠣᠯᠣᠭᠠᠰᠤ ᠶᠢᠨ | ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠬᠦ ᠰᠠᠭᠤᠷᠢ ᠮᠥᠨ ᠯᠡ ᠪᠠᠲᠤ ᠪᠠᠬᠢ ᠪᠢᠰᠢ ᠪᠠᠶᠢᠨ᠎ᠠ᠃ ᠭᠤᠷᠪᠠ ᠳᠤ | ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠡᠭᠦᠷᠭᠡ ᠬᠠᠲᠠᠭᠤ ᠪᠡᠷᠬᠡ ᠪᠠᠶᠢᠨ᠎ᠠ᠃ | ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠪᠠᠶᠢᠴᠠᠭᠠᠬᠤ᠂ ᠦᠨᠡᠯᠡᠨ ᠵᠢᠱᠢᠬᠦ ᠪᠠ ᠬᠢᠨᠠᠨ ᠬᠡᠮᠵᠢᠬᠦ ᠰᠢᠰᠲ᠋ᠧᠮ | ᠲᠡᠭᠦᠯᠳᠡᠷᠵᠢᠭᠡᠳᠦᠢ᠂ ᠡᠰᠢ ᠰᠦᠷᠡᠯ ᠵᠡᠷᠭᠡ ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ | ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠵᠤ᠂ ᠮᠠᠯ ᠵᠢᠭᠦᠷᠲᠡᠨ ᠤ ᠪᠣᠬᠢᠷᠲᠤᠯ ᠢ ᠰᠡᠷᠭᠡᠶᠢᠯᠡᠨ | ᠵᠠᠰᠠᠬᠤ ᠠᠵᠢᠯ ᠢ ᠮᠥᠨ ᠯᠡ ᠬᠦᠴᠦᠯᠡᠬᠦ ᠴᠢᠬᠤᠯᠠᠲᠠᠢ ᠪᠠᠶᠢᠨ᠎ᠠ᠃ | ᠳᠠᠷᠠᠭᠠᠴᠢ ᠶᠢᠨ ᠠᠯᠬᠤᠮ ᠳᠤ ᠳᠣᠣᠷᠠᠬᠢ ᠭᠤᠷᠪᠠᠨ ᠲᠠᠯ᠎ᠠ ᠪᠠᠷ ᠠᠰᠠᠭᠤᠳᠠᠯ ᠢ ᠰᠢᠢᠳᠪᠦᠷᠢᠯᠡᠨ᠎ᠡ᠃ | ᠨᠢᠭᠡ ᠳᠤ ᠬᠤᠯᠠ ᠣᠶᠢᠷ᠎ᠠ ᠶᠢ ᠤᠶᠠᠯᠳᠤᠭᠤᠯᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ | ᠠᠷᠭ᠎ᠠ ᠵᠠᠮ ᠢ ᠰᠦᠪᠡᠭᠴᠢᠯᠡᠨ᠎ᠡ᠃ ︽ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ | ᠠᠵᠢᠯᠯᠠᠭᠠᠨ ᠤ ᠲᠥᠯᠥᠪᠯᠡᠭᠡ︾ ᠶᠢ ᠨᠠᠶᠢᠳᠠᠪᠤᠷᠢᠵᠢᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠪᠠᠭᠠᠰᠬᠠᠬᠤ | ᠪᠠ ᠠᠷᠠᠳ ᠣᠯᠠᠨ ᠤ ᠳᠡᠷᠭᠡᠳᠡᠬᠢ ᠠᠭᠠᠷ ᠮᠠᠨᠳᠠᠯ ᠤᠨ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ | ᠰᠢᠢᠳᠪᠦᠷᠢᠯᠡᠬᠦ ᠪᠠᠷ ᠭᠤᠣᠯᠳᠠᠯᠭ᠎ᠠ ᠪᠣᠯᠭᠠᠵᠤ᠂ ᠨᠠᠷᠢᠨ ᠮᠥᠬᠦᠯᠢᠭᠲᠦ ᠪᠣᠳᠠᠰ ︵PM2.5︶ ᠤᠨ ᠥᠳᠬᠡᠴᠡ ᠶᠢ | ᠪᠠᠭᠤᠷᠠᠭᠤᠯᠬᠤ ᠪᠠᠷ ᠭᠤᠣᠯ ᠰᠢᠵᠢᠮ ᠪᠣᠯᠭᠠᠨ᠂ ᠠᠽᠣᠲ ᠤᠨ ᠢᠰᠦᠯ ᠪᠣᠯᠣᠨ ᠳᠡᠭᠳᠡᠮᠡᠬᠡᠢ ᠴᠢᠨᠠᠷᠲᠠᠢ ᠣᠷᠭᠠᠨᠢᠭ | ᠪᠣᠳᠠᠰ ︵VOCs︶ ᠤᠨ ᠭᠠᠳᠠᠭᠰᠢᠯᠠᠭᠤᠯᠤᠯᠲᠠ ᠶᠢ ᠶᠡᠬᠡᠪᠡᠷ ᠪᠠᠭᠠᠰᠬᠠᠵᠤ᠂ ᠠᠵᠤ ᠦᠢᠯᠡᠰ᠂ ᠡᠨᠧᠷᠭᠢ᠂ ᠵᠠᠮ | ᠬᠠᠷᠢᠯᠴᠠᠭᠠᠨ ᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ | ᠬᠤᠪᠢᠷᠠᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠤᠯᠠᠨ ᠡᠬᠢᠲᠦ ᠪᠣᠬᠢᠷᠲᠤᠯ ᠢ ᠵᠠᠰᠠᠬᠤ ᠶᠢ | ᠴᠢᠩᠭᠠᠳᠬᠠᠵᠤ᠂ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠪᠣᠬᠢᠷᠲᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠲᠦᠷᠭᠡᠨ ᠪᠤᠢ | ᠪᠣᠯᠭᠠᠨ᠎ᠠ᠃ | ᠬᠤᠶᠠᠷ ᠲᠤ ᠭᠤᠣᠯᠳᠠᠯᠭ᠎ᠠ ᠲᠠᠢ ᠣᠭᠲᠣᠯᠣᠭᠠᠰᠤ ᠶᠢᠨ ᠤᠰᠤᠨ ᠤ ᠴᠢᠨᠠᠷ ᠢ ᠲᠣᠭᠲᠠᠪᠤᠷᠢᠵᠢᠭᠤᠯᠤᠨ | ᠪᠠᠷᠢᠮᠵᠢᠶ᠎ᠠ ᠳᠤ ᠬᠦᠷᠭᠡᠬᠦ ᠪᠠᠲᠤᠯᠠᠭ᠎ᠠ ᠶᠢ ᠴᠢᠩᠭᠠᠳᠬᠠᠨ᠎ᠠ᠃ ︽ᠬᠥᠬᠡᠬᠤᠲᠠ ᠶᠢᠨ ᠭᠤᠣᠯᠳᠠᠯᠭ᠎ᠠ ᠲᠠᠢ | ᠣᠭᠲᠣᠯᠣᠭᠠᠰᠤ ᠶᠢᠨ ᠤᠰᠤᠨ ᠤ ᠴᠢᠨᠠᠷ ᠢ ᠲᠣᠭᠲᠠᠪᠤᠷᠢᠵᠢᠭᠤᠯᠤᠨ ᠪᠠᠷᠢᠮᠵᠢᠶ᠎ᠠ ᠳᠤ ᠬᠦᠷᠭᠡᠬᠦ ᠶᠢ ᠪᠠᠲᠤᠯᠠᠬᠤ ᠲᠥᠰᠥᠯ | ︵2023 ︱ 2025︶︾ ᠢ ᠴᠢᠩᠭ᠎ᠠ ᠨᠠᠶᠢᠳᠠᠪᠤᠷᠢᠵᠢᠭᠤᠯᠵᠤ᠂ ᠣᠭᠲᠣᠯᠣᠭᠠᠰᠤ ᠶᠢᠨ ᠤᠰᠤᠨ ᠤ ᠴᠢᠨᠠᠷ ᠢ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠶᠡᠷ ᠤᠨ | ᠬᠤᠭᠤᠴᠠᠭᠠᠨ ᠤ ᠪᠣᠬᠢᠷᠲᠤᠯ ᠤᠨ ᠬᠦᠴᠦᠯᠡᠴᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠣᠭᠲᠣᠯᠣᠭᠠᠰᠤ ᠶᠢᠨ | ᠤᠰᠤᠨ ᠤ ᠴᠢᠨᠠᠷ ᠢ ᠲᠣᠭᠲᠠᠪᠤᠷᠢᠵᠢᠭᠤᠯᠤᠨ ᠪᠠᠷᠢᠮᠵᠢᠶ᠎ᠠ ᠳᠤ ᠬᠦᠷᠭᠡᠨ᠎ᠡ᠃ | ᠭᠤᠷᠪᠠ ᠳᠤ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠢ | ᠲᠦᠯᠬᠢᠨ ᠠᠬᠢᠭᠤᠯᠤᠨ᠎ᠠ᠃ ᠬᠤᠷᠢᠨᠭᠡᠷ ᠰᠢᠶᠠᠨ ᠤ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠬᠢᠨᠠᠨ ᠬᠡᠮᠵᠢᠵᠦ | ᠦᠨᠡᠯᠡᠨ ᠵᠢᠱᠢᠬᠦ ᠠᠵᠢᠯ ᠢ ᠰᠠᠶᠢᠲᠤᠷ ᠬᠢᠵᠦ᠂ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠬᠢᠨᠠᠨ ᠬᠡᠮᠵᠢᠬᠦ ᠲᠣᠣᠷ | ᠰᠦᠯᠵᠢᠶ᠎ᠡ ᠪᠠ ᠪᠣᠬᠢᠷᠲᠤᠯ ᠢ ᠬᠢᠨᠠᠨ ᠬᠡᠮᠵᠢᠵᠦ ᠦᠨᠡᠯᠡᠨ ᠵᠢᠱᠢᠬᠦ ᠰᠢᠰᠲ᠋ᠧᠮ ᠢ ᠲᠦᠷᠭᠡᠨ ᠪᠠᠶᠢᠭᠤᠯᠤᠨ᠎ᠠ᠃ ᠬᠢᠮᠢ ᠶᠢᠨ | ᠪᠣᠷᠳᠣᠭᠤᠷ ᠬᠡᠷᠡᠭᠯᠡᠬᠦ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ | ᠪᠠᠭᠠᠰᠬᠠᠨ ᠬᠥᠨᠥᠭᠡᠯ ᠢ ᠬᠢᠵᠠᠭᠠᠷᠯᠠᠬᠤ᠂ ᠮᠠᠯ ᠵᠢᠭᠦᠷᠲᠡᠨ ᠤ ᠢᠯᠭᠠᠳᠠᠰᠤ ᠶᠢᠨ ᠪᠣᠬᠢᠷᠲᠤᠯ ᠢ ᠡᠬᠢ ᠪᠠᠶᠠᠯᠢᠭᠵᠢᠭᠤᠯᠤᠨ | ᠠᠰᠢᠭᠯᠠᠬᠤ ᠶᠢ ᠲᠦᠯᠬᠢᠨ ᠠᠬᠢᠭᠤᠯᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ᠂ ᠲᠠᠷᠢᠶᠠᠯᠠᠩ ᠤᠨ ᠵᠤᠯᠤᠮ᠎ᠠ | ᠪᠦᠷᠬᠦᠪᠴᠢ ᠵᠢᠴᠢ ᠬᠢᠮᠢ ᠶᠢᠨ ᠪᠣᠷᠳᠣᠭᠤᠷ᠂ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠬᠤᠷᠢᠶᠠᠨ | ᠠᠪᠴᠤ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | 10. ᠬᠥᠲᠥᠯᠥᠭᠴᠢ | ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠄ ︽ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ | ᠪᠣᠯ ᠥᠪᠥᠷ ᠮᠣᠩᠭᠤᠯ ᠤᠨ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ ︿ᠤᠯᠤᠰ ᠤᠨ ᠶᠡᠭᠡ ᠶᠠᠪᠤᠳᠠᠯ﹀ ᠮᠥᠨ︾᠂ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ | ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠲᠠᠯ᠎ᠠ ᠪᠠᠷ ᠪᠢᠳᠡᠨ ᠳᠤ ᠶᠠᠮᠠᠷ ᠶᠠᠮᠠᠷ ᠰᠢᠨ᠎ᠡ ᠰᠡᠳᠬᠢᠴᠡ | ᠪᠠ ᠠᠷᠭ᠎ᠠ ᠬᠡᠮᠵᠢᠶ᠎ᠡ ᠪᠠᠶᠢᠬᠤ ᠪᠣᠶ︖ | 11. ᠯᠢ ᠶᠦᠩ ᠱᠧᠩ | ᠲᠦᠷᠦᠭᠦᠬᠡᠨ ᠬᠤᠷᠠᠯᠳᠤᠭᠰᠠᠨ ᠪᠦᠬᠦ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ | ᠵᠢᠴᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠬᠤᠷᠠᠯ ᠠᠴᠠ ᠰᠢᠨ᠎ᠡ ᠴᠠᠭ ᠦᠶ᠎ᠡ ᠶᠢᠨ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ︽ᠶᠡᠭᠡ ᠠᠮᠢ ᠠᠬᠤᠢ︾ ᠲᠡᠶᠢᠰᠢ ᠲᠦᠷᠭᠡᠨ | ᠬᠤᠪᠢᠷᠠᠭᠤᠯᠤᠨ ᠲᠡᠰ ᠳᠡᠪᠰᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠬᠢᠨ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠪᠠᠬᠢᠵᠢᠭᠦᠯᠬᠦ ᠳᠤ ᠲᠦᠷᠦᠭᠦᠯᠡᠨ ᠶᠡᠷᠦᠩᠬᠡᠶᠢᠯᠡᠨ ᠠᠳᠬᠤᠬᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ | ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠵᠠᠯᠭᠠᠭᠠᠳ ᠪᠢᠳᠡ ︽ | ᠵᠢᠷᠭᠤᠭ᠎ᠠ ᠶᠢ ᠨᠢᠭᠡᠳᠦᠯᠲᠡᠢ ᠲᠥᠯᠥᠪᠵᠢᠭᠦᠯᠬᠦ︾ ᠪᠠᠷ ᠭᠠᠷᠳᠠᠴᠠ ᠪᠣᠯᠭᠠᠵᠤ᠂ ᠮᠠᠨ ᠤ ᠤᠯᠤᠰ ᠤᠨ ᠤᠮᠠᠷᠠᠲᠤ ᠶᠢᠨ | ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ | ᠠᠬᠢᠭᠤᠯᠤᠨ᠎ᠠ᠃ | ᠨᠢᠭᠡ ᠳᠤ ᠵᠣᠬᠢᠶᠠᠨ ᠪᠠᠶᠢᠭᠤᠯᠵᠤ ᠵᠣᠬᠢᠴᠠᠭᠤᠯᠬᠤ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠨ᠎ᠠ᠃ | ᠲᠤᠰᠬᠠᠢ ᠠᠵᠢᠯ ᠤᠨ ᠳᠤᠭᠤᠶᠢᠯᠠᠩ ᠢᠶᠠᠷ ᠠᠵᠢᠯ ᠢ ᠠᠬᠢᠭᠤᠯᠬᠤ ᠲᠣᠭᠲᠠᠴᠠ ᠪᠠ ᠠᠯᠪᠠᠨ ᠭᠡᠷ ᠤᠨ ᠬᠡᠷᠡᠭ ᠵᠥᠪᠯᠡᠬᠦ | ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢᠨ ᠨᠠᠷᠢᠨ | ᠬᠠᠭᠤᠳᠠᠰᠤ ᠶᠢ ᠲᠣᠭᠲᠠᠭᠠᠨ᠂ ᠰᠠᠷ᠎ᠠ ᠪᠠᠷ ᠲᠣᠬᠢᠷᠠᠭᠤᠯᠵᠤ᠂ ᠤᠯᠠᠷᠢᠯ ᠢᠶᠠᠷ ᠮᠡᠳᠡᠭᠡᠯᠡᠵᠦ᠂ ᠣᠨ ᠢᠶᠠᠷ ᠳ᠋ᠦᠩᠨᠡᠵᠦ᠂ | ᠬᠤᠰᠢᠭᠤ ᠰᠢᠶᠠᠨ ᠲᠣᠭᠤᠷᠢᠭ ᠤᠨ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ | ᠲᠣᠭᠲᠠᠭᠰᠠᠨ ᠬᠤᠭᠤᠴᠠᠭ᠎ᠠ ᠲᠠᠢ ᠡᠮᠬᠢᠯᠡᠨ ᠳᠢᠭᠯᠡᠵᠦ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠶᠢ | ᠴᠢᠩᠭᠠᠳᠬᠠᠨ᠂ ᠴᠠᠭ ᠲᠤᠬᠠᠢ ᠳᠤᠨᠢ ᠬᠤᠷᠠᠯ ᠬᠤᠷᠠᠯᠳᠤᠭᠤᠯᠤᠨ ᠲᠣᠪᠣᠶᠢᠮ᠎ᠠ ᠠᠰᠠᠭᠤᠳᠠᠯ ᠢ ᠰᠤᠳᠤᠯᠤᠨ | ᠰᠢᠢᠳᠪᠦᠷᠢᠯᠡᠵᠦ᠂ ᠠᠵᠢᠯ ᠢ ᠣᠷᠭᠠᠨᠢᠭ ᠢᠶᠠᠷ ᠵᠣᠯᠭᠠᠭᠤᠯᠤᠨ᠂ ᠡᠭᠦᠷᠭᠡ ᠶᠢ ᠪᠦᠲᠦᠮᠵᠢᠲᠡᠶ ᠨᠠᠶᠢᠳᠠᠪᠤᠷᠢᠵᠢᠭᠤᠯᠤᠨ᠎ᠠ᠃ | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠣᠷᠣᠨ ᠤ ᠲᠥᠪ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢᠨ | ᠲᠥᠰᠥᠯ ᠢ ᠨᠠᠶᠢᠷᠠᠭᠤᠯᠤᠨ ᠵᠣᠬᠢᠶᠠᠵᠤ᠂ ᠱᠠᠲᠤ ᠦᠶ᠎ᠡ ᠶᠢᠨ ᠬᠠᠷᠠᠯᠲᠠ ᠶᠢ ᠲᠣᠭᠲᠠᠭᠠᠵᠤ᠂ ᠭᠤᠣᠯᠳᠠᠯᠭ᠎ᠠ ᠲᠠᠢ | ᠡᠭᠦᠷᠭᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠢ ᠪᠣᠯᠭᠠᠨ᠎ᠠ᠃ | ᠬᠤᠶᠠᠷ ᠲᠤ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠨ᠎ᠠ᠃ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠠᠵᠢᠯ ᠤᠨ ᠵᠥᠪᠯᠡᠯ᠂ | ᠬᠠᠤᠯᠢ ᠴᠠᠭᠠᠵᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠴᠢ ᠬᠠᠮᠢᠶ᠎ᠠ | ᠪᠦᠬᠦᠢ ᠰᠠᠯᠠᠭ᠎ᠠ ᠮᠥᠴᠢᠷ ᠯᠦᠭᠡ ᠬᠠᠷᠢᠯᠴᠠᠨ ᠵᠣᠯᠭᠠᠭᠤᠯᠬᠤ ᠶᠢ ᠴᠢᠩᠭᠠᠳᠬᠠᠵᠤ᠂ ︽ᠬᠥᠬᠡᠬᠤᠲᠠ ᠶᠢᠨ ᠬᠠᠶᠠᠭᠳᠠᠮᠠᠯ | ᠢᠳᠡᠭᠡᠨ ᠤ ᠲᠣᠰᠣᠨ ᠤ ᠬᠠᠮᠢᠶᠠᠷᠤᠯᠲᠠ ᠶᠢᠨ ᠳᠦᠷᠢᠮ︾ ᠢ ᠬᠦᠴᠦᠨ ᠦᠭᠡᠢ ᠪᠣᠯᠭᠠᠵᠤ᠂ ︽ᠬᠥᠬᠡᠬᠤᠲᠠ ᠶᠢᠨ | ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ︾ ᠳᠤ ᠵᠠᠰᠠᠪᠤᠷᠢ ᠣᠷᠣᠭᠤᠯᠵᠤ᠂ ᠨᠡᠭᠦᠷᠡᠰᠦᠨ ᠤ | ᠨᠤᠨᠳᠠᠭ ᠦᠨᠡᠰᠦ ᠶᠢ ᠠᠰᠢᠭᠯᠠᠨ ᠬᠥᠷᠥᠰᠥ ᠰᠢᠷᠣᠢ ᠢᠳᠡᠭᠳᠡᠭᠰᠡᠨ ᠭᠤᠸ ᠭᠠᠩᠭ᠎ᠠ ᠶᠢᠨ ᠠᠮᠢ ᠠᠬᠤᠢ ᠶᠢ ᠰᠡᠷᠭᠦᠭᠡᠬᠦ | ᠮᠡᠷᠭᠡᠵᠢᠯ ᠤᠨ ᠵᠢᠷᠤᠮᠵᠢᠯ ᠢ ᠲᠣᠭᠲᠠᠭᠠᠨ ᠬᠡᠷᠡᠭᠵᠢᠭᠦᠯᠵᠦ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ | ᠪᠦᠲᠦᠭᠡᠨ ᠪᠠᠶᠢᠭᠤᠯᠤᠯᠲᠠ ᠶᠢᠨ ᠬᠠᠤᠯᠢ ᠪᠠᠷ ᠵᠠᠰᠠᠬᠤ ᠰᠢᠰᠲ᠋ᠧᠮᠵᠢ ᠶᠢ ᠪᠦᠷᠢᠨᠰᠢᠭᠦᠯᠦᠨ᠎ᠡ᠃ | ᠭᠤᠷᠪᠠ ᠳᠤ ᠬᠢᠨᠠᠨ ᠬᠡᠮᠵᠢᠵᠦ ᠦᠨᠡᠯᠡᠨ ᠵᠢᠱᠢᠬᠦ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠨ᠎ᠠ᠃ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠬᠢᠨᠠᠨ ᠬᠡᠮᠵᠢᠬᠦ ᠬᠤᠯᠪᠤᠭᠠᠯᠠᠨ ᠬᠥᠳᠡᠯᠦᠯᠴᠡᠬᠦ ᠲᠣᠭᠲᠠᠴᠠ | ᠶᠢ ᠪᠠᠶᠢᠭᠤᠯᠵᠤ᠂ ᠠᠮᠢ ᠠᠬᠤᠢ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠬᠢᠨᠠᠨ ᠬᠡᠮᠵᠢᠬᠦ ᠶᠢ ᠴᠢᠩᠭᠠᠳᠬᠠᠵᠤ᠂ | ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ | ᠵᠣᠯᠭᠠᠭᠤᠯᠬᠤ ᠶᠢ ᠴᠢᠩᠭᠠᠳᠬᠠᠨ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠲᠥᠪᠯᠡᠷᠡᠭᠦᠯᠦᠨ ᠬᠠᠮᠲᠤᠪᠠᠷ ᠭᠥᠷᠳᠡᠬᠦ | ᠪᠠ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠲᠦᠷᠭᠡᠳᠬᠡᠵᠦ᠂ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢᠨ ᠬᠢᠨᠠᠨ ᠬᠡᠮᠵᠢᠬᠦ ᠲᠥᠰᠥᠯ ᠢ ᠲᠣᠭᠲᠠᠭᠠᠵᠤ᠂ ᠣᠷᠴᠢᠨ ᠲᠣᠭᠤᠷᠢᠨ ᠤ ᠶᠠᠰᠤ ᠴᠢᠨᠠᠷ᠂ | ᠪᠣᠬᠢᠷᠲᠤᠯ ᠤᠨ ᠡᠬᠢ᠂ ᠪᠠᠶᠢᠭᠠᠯᠢ ᠶᠢᠨ ᠠᠮᠢ ᠠᠬᠤᠢ ᠶᠢᠨ ᠪᠠᠶᠢᠳᠠᠯ ᠵᠡᠷᠭᠡ ᠬᠦᠴᠦᠨ ᠵᠦᠢᠯ ᠢ ᠬᠠᠮᠤᠷᠤᠭᠰᠠᠨ ︽ | ᠣᠭᠲᠠᠷᠭᠤᠢ ᠭᠠᠵᠠᠷ︾ ᠢ ᠨᠢᠭᠡ ᠴᠣᠭᠴᠠᠵᠢᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠨ ᠬᠡᠮᠵᠢᠬᠦ | ᠲᠣᠣᠷ ᠰᠦᠯᠵᠢᠶ᠎ᠡ ᠶᠢ ᠨᠠᠷᠢᠯᠢᠭᠵᠢᠭᠤᠯᠤᠨ᠎ᠠ᠃ | ᠳᠥᠷᠪᠡ ᠳᠤ ᠬᠢᠨᠠᠯᠲᠠ ᠲᠠᠯᠪᠢᠬᠤ ᠰᠢᠰᠲ᠋ᠧᠮ ᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠨ᠎ᠠ᠃ | ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠠᠢ ᠵᠣᠯᠭᠠᠭᠤᠯᠬᠤ ᠶᠢ | ᠴᠢᠩᠭᠠᠳᠬᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠠᠵᠢᠯ ᠢ ᠬᠢᠨᠠᠯᠲᠠ ᠬᠡᠷᠡᠭᠵᠢᠭᠦᠯᠦᠯᠲᠡ ᠶᠢᠨ ᠲᠠᠪᠴᠠᠩ ᠪᠠ ᠬᠤᠳᠠ ᠶᠢᠨ ᠨᠠᠮ ᠤᠨ ᠬᠤᠷᠢᠶ᠎ᠠ ᠶᠢᠨ | ᠲᠣᠭᠤᠷᠢᠨ ᠪᠠᠶᠢᠴᠠᠭᠠᠬᠤ ᠠᠭᠤᠯᠭ᠎ᠠ ᠳᠤ ᠣᠷᠣᠭᠤᠯᠤᠨ᠎ᠠ᠃ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠤᠯᠤᠰ ᠲᠦᠷᠦ ᠶᠢᠨ ᠵᠥᠪᠯᠡᠯᠭᠡᠨ ᠳᠤ ᠰᠠᠨᠠᠭᠠᠴᠢᠯᠠᠭ᠎ᠠ ᠠᠴᠠ ᠪᠠᠨ ᠬᠠᠷᠢᠭᠤ ᠮᠡᠳᠡᠭᠦᠯᠵᠦ᠂ ᠠᠮᠢ | ᠠᠬᠤᠢ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠲᠣᠭᠲᠠᠭᠠᠬᠤ ᠬᠠᠤᠯᠢ ᠬᠡᠷᠡᠭᠵᠢᠭᠦᠯᠬᠦ ᠳᠤ ᠬᠢᠨᠠᠯᠲᠠ | ᠲᠠᠯᠪᠢᠬᠤ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢ ᠬᠢᠨᠠᠯᠲᠠ ᠶᠢ ᠴᠢᠩᠭᠠᠳᠬᠠᠨ᠎ᠠ᠃ ᠬᠤᠳᠠ ᠶᠢᠨ | ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠰᠠᠯᠠᠭ᠎ᠠ ᠮᠥᠴᠢᠷ | ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠠᠮᠢ ᠠᠬᠤᠢ ᠶᠢᠨ ᠣᠷᠴᠢᠨ ᠨᠥᠬᠦᠴᠡᠯ ᠤᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠨᠢᠭᠲᠠ ᠠᠪᠴᠠᠯᠳᠤᠨ | ᠬᠠᠮᠵᠢᠯᠴᠠᠬᠤ ᠶᠢ ᠲᠦᠯᠬᠢᠨ ᠠᠬᠢᠭᠤᠯᠵᠤ᠂ ᠪᠠᠶᠢᠴᠠᠭᠠᠬᠤ ᠰᠠᠯᠠᠭ᠎ᠠ ᠮᠥᠴᠢᠷ ᠲᠠᠢ ᠬᠠᠮᠵᠢᠯᠴᠠᠨ ᠠᠮᠢ ᠠᠬᠤᠢ ᠶᠢᠨ | ᠣᠷᠴᠢᠨ ᠨᠥᠬᠦᠴᠡᠯ ᠤᠨ ᠬᠡᠷᠡᠭ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠰᠠᠶᠢᠲᠤᠷ ᠬᠢᠨ᠎ᠡ᠃ ᠡᠯ᠎ᠡ | ᠲᠥᠷᠥᠯ ᠤᠨ ᠬᠢᠨᠠᠯᠲᠠ ᠶᠢ ᠠᠭᠤᠰᠤᠯᠴᠠᠭᠤᠯᠤᠭᠰᠠᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ | ᠪᠦᠲᠦᠭᠡᠨ ᠪᠠᠶᠢᠭᠤᠯᠤᠯᠲᠠ ᠶᠢᠨ ᠬᠢᠨᠠᠯᠲᠠ ᠲᠠᠯᠪᠢᠬᠤ ᠰᠢᠰᠲ᠋ᠧᠮᠵᠢ ᠶᠢ ᠲᠦᠷᠭᠡᠨ ᠪᠠᠶᠢᠭᠤᠯᠵᠤ᠂ ᠡᠯ᠎ᠡ ᠲᠥᠷᠥᠯ ᠤᠨ | ᠬᠢᠨᠠᠯᠲᠠ ᠠᠪᠴᠠᠯᠳᠤᠨ ᠵᠣᠬᠢᠴᠠᠯᠳᠤᠵᠤ᠂ ᠨᠡᠶᠢᠯᠡᠯ ᠬᠦᠴᠦᠨ ᠪᠣᠯᠬᠤ ᠶᠢ ᠠᠬᠢᠭᠤᠯᠤᠨ᠎ᠠ᠃ | ᠲᠠᠪᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠨᠢᠭᠡᠳᠦᠯᠲᠡᠢ ᠲᠥᠯᠥᠪᠵᠢᠭᠦᠯᠬᠦ ᠶᠢ | ᠴᠢᠩᠭᠠᠳᠬᠠᠨ᠎ᠠ᠃ ᠠᠮᠢ ᠠᠬᠤᠢ ᠶᠢᠨ ᠣᠷᠴᠢᠨ ᠲᠣᠭᠤᠷᠢᠨ ᠤ ᠮᠡᠷᠭᠡᠵᠢᠯ ᠢ ᠰᠤᠳᠤᠯᠤᠨ ᠨᠡᠭᠡᠭᠡᠬᠦ᠂ ᠦᠷ᠎ᠡ | ᠪᠦᠲᠦᠭᠡᠯ ᠢ ᠤᠯᠠᠷᠢᠭᠤᠯᠬᠤ ᠪᠠ ᠬᠡᠷᠡᠭᠯᠡᠯᠲᠡ ᠶᠢᠨ ᠵᠢᠱᠢᠶ᠎ᠡ ᠦᠵᠡᠭᠦᠯᠬᠦ ᠵᠡᠷᠭᠡ ᠠᠵᠢᠯ ᠢ ᠢᠳᠡᠪᠬᠢᠲᠡᠢ ᠠᠬᠢᠭᠤᠯᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠪᠲᠤᠯᠤᠯᠲᠠ ᠶᠢᠨ ᠢᠨᠵᠧᠨᠧᠷᠢᠩ ᠢ ᠭᠦᠨᠵᠡᠭᠡᠢ ᠨᠠᠶᠢᠳᠠᠪᠤᠷᠢᠵᠢᠭᠤᠯᠤᠨ᠂ | ᠠᠰᠠᠭᠤᠳᠠᠯ ᠪᠠ ᠬᠡᠷᠡᠭᠴᠡᠭᠡ ᠱᠠᠭᠠᠷᠳᠠᠯᠭ᠎ᠠ ᠶᠢᠨ ᠤᠳᠤᠷᠢᠳᠤᠮᠵᠢ ᠶᠢ ᠪᠠᠷᠢᠮᠲᠠᠯᠠᠵᠤ᠂ ᠡᠬᠢ ᠪᠠᠶᠠᠯᠢᠭ ᠢ ᠨᠢᠭᠡᠳᠦᠯᠲᠡᠢ | ᠲᠥᠯᠥᠪᠵᠢᠭᠦᠯᠦᠨ᠂ ᠰᠠᠯᠠᠭ᠎ᠠ ᠮᠥᠴᠢᠷ ᠢ ᠵᠣᠬᠢᠴᠠᠭᠤᠯᠵᠤ᠂ ᠬᠦᠴᠦᠨ ᠢ ᠨᠡᠶᠢᠳᠬᠡᠵᠦ᠂ ᠲᠠᠪᠴᠠᠩ ᠪᠠᠶᠢᠭᠤᠯᠤᠨ᠂ | ᠲᠤᠰᠬᠠᠢ ᠪᠡᠯᠡ ᠮᠥᠩᠭᠦ ᠶᠢᠨ ᠲᠥᠷᠥᠯ ᠵᠦᠢᠯ ᠤᠨ ᠬᠥᠮᠥᠷᠭᠡ ᠶᠢ ᠬᠢᠨᠠᠮᠠᠭᠠᠢ ᠲᠥᠰᠥᠪᠯᠡᠵᠦ᠂ ᠨᠢᠭᠡ ᠪᠦᠯᠦᠭ | ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠬᠡᠷᠡᠭᠵᠢᠭᠦᠯᠦᠨ᠂ ᠠᠮᠢ ᠠᠬᠤᠢ ᠶᠢᠨ | ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ | ᠦᠨᠡᠨᠬᠦ ᠳᠡᠭᠡᠭᠰᠢᠯᠡᠭᠦᠯᠦᠨ᠎ᠡ᠃ | ᠵᠢᠷᠭᠤᠭ᠎ᠠ ᠳᠤ ᠭᠠᠳᠠᠷ ᠣᠷᠣᠨ ᠲᠠᠢ ᠬᠠᠮᠲᠤᠷᠠᠯᠴᠠᠬᠤ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠨ᠎ᠠ | ᠃ ᠬᠥᠷᠰᠢ ᠵᠡᠷᠭᠡᠯᠡᠳᠡᠭᠡ ᠠᠶᠢᠮᠠᠭ ᠬᠤᠲᠠ᠂ ᠮᠤᠵᠢ ᠣᠷᠣᠨ ᠯᠤᠭ᠎ᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ | ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠶᠢ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ | ᠬᠦᠷᠢᠶ᠎ᠡ ᠴᠠᠷᠠᠭ᠎ᠠ ᠶᠢᠨ ᠮᠡᠷᠭᠡᠵᠢᠯ ᠪᠠ ᠲᠥᠷᠥᠯ ᠵᠦᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠨ᠂ | ᠬᠠᠮᠲᠤᠷᠠᠯᠴᠠᠬᠤ ᠲᠥᠰᠥᠯ᠂ ᠭᠠᠳᠠᠭᠰᠢ ᠰᠤᠷᠪᠤᠯᠵᠢᠯᠠᠬᠤ ᠲᠥᠯᠥᠪᠯᠡᠭᠡ ᠶᠢ ᠬᠤᠷᠳᠤᠨ ᠲᠣᠭᠲᠠᠭᠠᠨ᠎ᠠ᠃ | 12. ᠬᠠᠮᠢᠶᠠᠷᠤᠭᠴᠢ | ᠬᠥᠬᠡᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢ ᠶᠦᠩ ᠱᠧᠩ᠂ ᠠᠯᠪᠠᠨ ᠭᠡᠷ ᠤᠨ ᠡᠷᠬᠢᠯᠡᠭᠴᠢ | ᠼᠣᠣ ᠬᠤᠢ᠂ ᠶᠡᠷᠦᠩᠬᠡᠢ ᠪᠠᠲᠤᠯᠠᠭ᠎ᠠ ᠶᠢᠨ ᠲᠥᠪ ᠤᠨ ᠡᠷᠬᠢᠯᠡᠭᠴᠢ ᠮᠠ ᠹᠠ ᠺᠦᠨ ᠳᠤ ᠪᠠᠶᠠᠷᠯᠠᠯ᠎ᠠ᠂ ᠰᠦᠯᠵᠢᠶᠡᠨ | ᠨᠠᠶᠢᠵᠠ ᠨᠠᠷ ᠤᠨ ᠠᠩᠬᠠᠷᠤᠯ ᠢᠶᠠᠨ ᠬᠠᠨᠳᠤᠭᠤᠯᠵᠤ ᠣᠷᠤᠯᠴᠠᠭᠰᠠᠨ ᠳᠤ ᠪᠠᠶᠠᠷᠯᠠᠯ᠎ᠠ᠂ ᠲᠣᠰ ᠤᠳᠠᠭᠠᠨ ᠤ | ᠰᠤᠷᠪᠤᠯᠵᠢᠯᠠᠭ᠎ᠠ ᠠᠳᠡ ᠬᠦᠷᠦᠭᠡᠳ ᠥᠨᠳᠦᠷᠯᠡᠯ᠎ᠡ᠂ ᠪᠠᠶᠠᠷᠯᠠᠯ᠎ᠠ᠃ | | | | | | | | | | | | | ᠁ |