ᠴᠢᠬᠤᠯᠠ ᠲᠤᠭ᠎ᠠ ᠪᠠᠷᠢᠮᠲᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2024/3/1
     2 ᠰᠠᠷ᠎ᠠ ᠶᠢᠨ 29 ᠤ ᠡᠳᠦᠷ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠪᠦᠷᠢᠳᠬᠡᠯ ᠤᠨ ᠠᠯᠪᠠᠨ ᠮᠡᠳᠡᠭᠡ ᠶᠢ ᠨᠡᠶᠢᠲᠡᠯᠡᠪᠡ᠃ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2023 ᠣᠨ ᠤ ᠤᠯᠤᠰ ᠠᠷᠠᠳ ᠤᠨ ᠶᠡᠷᠦᠩᠬᠡᠢ ᠣᠷᠣᠯᠭ᠎ᠠ 125 ᠲᠦᠮᠡᠨ ᠳ᠋ᠦᠩᠰᠢᠭᠤᠷ ᠲᠥᠭᠦᠷᠢᠭ ᠢ ᠳᠠᠪᠠᠵᠠᠢ᠃        ᠠᠯᠪᠠᠨ ᠮᠡᠳᠡᠭᠡ ᠳᠤ᠂ 2023 ᠣᠨ ᠳᠤ ᠮᠠᠨ ᠤ ᠤᠯᠤᠰ ᠤᠨ ᠠᠵᠤ ᠠᠬᠤᠢ ᠭᠠᠳᠠᠭᠠᠳᠤ ᠳᠠᠷᠤᠯᠲᠠ ᠶᠢ ᠳᠠᠭᠠᠭᠠᠵᠤ᠂ ᠳᠣᠲᠣᠭᠠᠳᠤ ᠶᠢᠨ ᠬᠦᠴᠢᠷᠳᠡᠯ ᠢ ᠢᠯᠠᠨ ᠳᠠᠪᠠᠵᠤ᠂ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠨᠡᠯᠢᠶᠡᠳ ᠰᠠᠶᠢᠨ ᠪᠡᠶᠡᠯᠡᠭᠦᠯᠵᠦ᠂ ᠭᠢᠯᠪᠠᠷ ᠪᠤᠰᠤ ᠰᠢᠯᠭᠠᠯᠲᠠ ᠶᠢᠨ ᠬᠠᠭᠤᠳᠠᠰᠤ ᠶᠢ ᠲᠤᠰᠢᠶᠠᠭᠰᠠᠨ ᠪᠠᠶᠢᠨ᠎ᠠ ᠭᠡᠵᠦ ᠦᠨᠡᠯᠡᠪᠡ᠃      2023 ᠣᠨ ᠤ ᠤᠯᠤᠰ ᠠᠷᠠᠳ ᠤᠨ ᠶᠡᠷᠦᠩᠬᠡᠢ ᠣᠷᠣᠯᠭ᠎ᠠ 125 ᠲᠦᠮᠡᠨ   ᠳ᠋ᠦᠩᠰᠢᠭᠤᠷ  ᠲᠥᠭᠦᠷᠢᠭ ᠢ ᠳᠠᠪᠠᠪᠠ         ᠠᠯᠪᠠᠨ ᠮᠡᠳᠡᠭᠡ ᠳᠤ ᠢᠯᠡᠷᠡᠭᠦᠯᠦᠭᠰᠡᠨ ᠢᠶᠠᠷ᠂ ᠠᠩᠬ᠎ᠠ ᠠᠯᠬᠤᠮ ᠤᠨ ᠲᠣᠭᠠᠴᠠᠭ᠎ᠠ ᠬᠢᠭᠰᠡᠨ ᠳ᠋ᠦᠩ ᠳᠤ 2023 ᠣᠨ ᠤ ᠪᠦᠭᠦ ᠵᠢᠯ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ 1260582 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠸ ᠵᠢᠯ ᠤᠨ ᠬᠢ ᠠᠴᠠ 5.2% ᠢᠶᠠᠷ ᠨᠡᠮᠡᠭᠳᠡᠪᠡ᠃ ᠤᠯᠤᠰ ᠠᠷᠠᠳ ᠤᠨ ᠶᠡᠷᠦᠩᠬᠡᠢ ᠣᠷᠣᠯᠭ᠎ᠠ 1251297 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 5.6% ᠪᠠᠷ ᠨᠡᠮᠡᠭᠳᠡᠵᠡᠢ᠃      ︽2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠪᠦᠷᠢᠳᠬᠡᠯ ᠤᠨ ᠠᠯᠪᠠᠨ ᠮᠡᠳᠡᠭᠡ︾ ᠳᠤ᠂ ᠭᠤᠯᠳᠤ ᠪᠠᠷ ᠬᠠᠷᠢᠴᠠᠭᠤᠯᠪᠠᠯ᠂ 5.2% ᠤᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ  ᠨᠢ ᠲᠦᠷᠦᠭᠦᠸ ᠵᠢᠯ ᠤᠨ ᠬᠢ ᠠᠴᠠ ᠵᠠᠭᠤᠨ ᠤ ᠬᠠᠷᠢᠴᠠᠯ ᠢᠶᠠᠷ 2.2 ᠬᠤᠪᠢ ᠲᠦᠷᠭᠡᠳᠴᠦ᠂ ᠬᠢᠵᠢᠭ ᠤᠨ ᠪᠠᠶᠢᠳᠠᠯ ᠤᠨ ᠭᠤᠷᠪᠠᠨ ᠵᠢᠯ ᠤᠨ 4.5% ᠶᠢᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠴᠤ ᠲᠦᠷᠭᠡᠨ ᠪᠣᠯᠵᠠᠢ᠃ ᠬᠥᠨᠳᠡᠯᠡᠨ ᠢᠶᠠᠷ ᠬᠠᠷᠢᠴᠠᠭᠤᠯᠪᠠᠯ᠂ ᠮᠠᠨ ᠤ ᠤᠯᠤᠰ ᠤᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠠᠮᠧᠷᠢᠺᠠ ᠶᠢᠨ 2.5%᠂ ᠡᠸᠦ᠋ᠷᠤ᠋ ᠬᠡᠷᠡᠭᠯᠡᠵᠦ ᠪᠠᠶᠢᠭ᠎ᠠ ᠭᠠᠵᠠᠷ ᠣᠷᠣᠨ ᠤ 0.5%᠂ ᠶᠠᠫᠤᠨ ᠤ 1.9% ᠶᠢᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠠᠴᠠ ᠢᠯᠡᠳᠲᠡ ᠲᠦᠷᠭᠡᠨ ᠪᠠᠶᠢᠵᠤ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ 30% ᠶᠢ ᠳᠠᠪᠠᠭ᠋ᠤ ᠪᠣᠯᠣᠮᠵᠢ ᠲᠠᠢ ᠪᠠᠶᠢᠵᠤ᠂ ᠮᠥᠨ ᠬᠦ ᠪᠦᠭᠦ ᠪᠥᠮᠪᠥᠷᠴᠡᠭ ᠤᠨ ᠠᠵᠤ ᠠᠬᠤᠢ ᠶᠢᠨ ᠨᠡᠮᠡᠭᠳᠡᠯ ᠤᠨ ᠴᠢᠬᠤᠯᠠ ᠬᠥᠳᠡᠯᠭᠡᠭᠦᠷ ᠪᠤᠯᠬᠤ ᠶᠤᠮ ᠭᠡᠵᠦ ᠦᠨᠡᠯᠡᠪᠡ᠃      2023 ᠣᠨ ᠤ ᠪᠦᠭᠦ ᠤᠯᠤᠰ ᠤᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 39218 ᠲᠥᠭᠦᠷᠢᠭ      ᠣᠷᠣᠯᠭ᠎ᠠ ᠶᠢᠨ ᠲᠠᠯ᠎ᠠ ᠪᠠᠷ᠂ ᠠᠯᠪᠠᠨ ᠮᠡᠳᠡᠭᠡ ᠳᠤ ᠢᠯᠡᠷᠡᠭᠦᠯᠦᠭᠰᠡᠨ ᠢᠶᠠᠷ᠂ ᠪᠦᠭᠦ ᠵᠢᠯ ᠤᠨ ᠪᠦᠭᠦ ᠤᠯᠤᠰ ᠤᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 39218 ᠲᠥᠭᠦᠷᠢᠭ ᠲᠤ ᠬᠦᠷᠴᠦ᠂ ᠲᠦᠷᠦᠭᠦᠸ ᠵᠢᠯ ᠤᠨ ᠬᠢ ᠠᠴᠠ 6.3% ᠪᠠᠷ ᠨᠡᠮᠡᠭᠳᠡᠵᠡᠢ᠂ ᠦᠨ᠎ᠡ ᠬᠠᠩᠰᠢ ᠶᠢᠨ ᠬᠦᠴᠦᠨ ᠵᠦᠢᠯ ᠢ ᠭᠠᠷᠭᠠᠪᠠᠯ᠂ 6.1% ᠪᠠᠷ ᠪᠣᠳᠠᠲᠠᠢ ᠨᠡᠮᠡᠭᠳᠡᠵᠡᠢ᠃ ᠪᠦᠭᠦ ᠤᠯᠤᠰ ᠤᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ ᠶᠢᠨ ᠳᠤᠮᠳᠠ ᠪᠠᠶᠢᠷᠢ ᠪᠠᠷ 33036 ᠲᠥᠭᠦᠷᠢᠭ ᠪᠠᠶᠢᠵᠤ᠂ 5.3% ᠪᠠᠷ ᠨᠡᠮᠡᠭᠳᠡᠪᠡ᠃ ᠪᠦᠭᠦ ᠤᠯᠤᠰ ᠤᠨ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠠᠴᠠ ᠲᠦᠷᠭᠡᠨ ᠪᠣᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ ᠶᠢᠨ ᠬᠠᠷᠢᠴᠠᠯ  2.39 ᠪᠣᠯᠵᠤ᠂ ᠲᠦᠷᠦᠭᠦᠦ ᠵᠢᠯ ᠤᠨ 0.06 ᠪᠠᠭᠠᠰᠴᠠᠢ᠃        ︽2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠪᠦᠷᠢᠳᠬᠡᠯ ᠤᠨ ᠠᠯᠪᠠᠨ ᠮᠡᠳᠡᠭᠡ︾ ᠳᠤ᠂ 2023 ᠣᠨ ᠳᠤ  ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠣᠯᠠᠨ ᠠᠷᠭ᠎ᠠ ᠵᠠᠮ ᠢᠶᠠᠷ ᠠᠬᠢᠭᠤᠯᠵᠤ᠂ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠪᠡ᠃ ᠠᠵᠢᠯ ᠣᠯᠭᠤᠯᠲᠠ ᠶᠢᠨ ᠪᠠᠶᠢᠳᠠᠯ ᠰᠠᠶᠢᠵᠢᠷᠠᠵᠤ᠂ ᠦᠢᠯᠡᠴᠢᠯᠡᠭᠡᠨ ᠤ ᠦᠢᠯᠡᠰ ᠨᠡᠯᠢᠶᠡᠳ ᠲᠦᠷᠭᠡᠨ ᠰᠡᠷᠭᠦᠵᠦ᠂ ᠰᠠᠭᠤᠭᠠᠯᠢ ᠠᠷᠠᠳ ᠤᠨ ᠣᠷᠣᠯᠭ᠎ᠠ ᠶᠢᠨ ᠰᠡᠷᠭᠦᠯᠲᠡ ᠶᠢᠨ ᠴᠢᠨᠠᠷᠲᠠᠢ ᠨᠡᠮᠡᠭᠳᠡᠯ ᠲᠠᠢ ᠪᠤᠯᠬᠤ ᠶᠢ ᠳᠠᠶᠢᠴᠢᠯᠠᠪᠠ ᠭᠡᠵᠦ ᠦᠨᠡᠯᠡᠪᠡ᠃      ᠰᠢᠨ᠎ᠡ ᠡᠨᠧᠷᠭᠢ ᠶᠢᠨ ᠮᠠᠰᠢᠨ ᠲᠡᠷᠭᠡ ᠠᠳᠠᠯᠢ ᠬᠤᠭᠤᠴᠠᠭᠠᠨ ᠤ ᠬᠢ ᠠᠴᠠ 30.3% ᠨᠡᠮᠡᠭᠳᠡᠪᠡ         ᠠᠯᠪᠠᠨ ᠮᠡᠳᠡᠭᠡ ᠳᠤ᠂ ᠣᠳᠣᠬᠠᠨ ᠳᠤ ᠮᠠᠨ ᠤ ᠤᠯᠤᠰ ᠤᠨ ᠠᠵᠤ ᠠᠬᠤᠢ ᠶᠠᠭ ᠬᠥᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ᠂ ᠠᠵᠤ ᠠᠬᠤᠢ ᠶᠢᠨ ᠪᠦᠲᠦᠴᠡ ᠪᠠᠨ ᠰᠢᠯᠢᠳᠡᠭᠵᠢᠭᠦᠯᠬᠦ᠂ ᠨᠡᠮᠡᠭᠳᠡᠯ ᠤᠨ ᠬᠥᠳᠡᠯᠭᠡᠬᠦ ᠬᠦᠴᠦᠨ ᠢᠶᠠᠨ ᠬᠤᠪᠢᠷᠠᠭᠤᠯᠬᠤ ᠪᠣᠭᠤᠮᠲᠠ ᠰᠢᠪᠲᠤᠯᠬᠤ ᠬᠤᠭᠤᠴᠠᠭᠠᠨ ᠳᠤ ᠣᠷᠣᠰᠢᠵᠤ ᠪᠠᠶᠢᠨ᠎ᠠ᠂ ᠥᠩᠭᠡᠷᠡᠭᠰᠡᠨ ᠨᠢᠭᠡ ᠵᠢᠯ ᠳᠤ᠂ ᠪᠦᠭᠦ ᠤᠯᠤᠰ ᠢᠶᠠᠷ ᠢᠶᠠᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠭᠤᠶᠢᠪᠢᠰᠢ ᠦᠭᠡᠢ ᠲᠣᠭᠲᠠᠭᠠᠵᠤ᠂ ᠭᠡᠯᠪᠡᠷᠢ ᠪᠠᠨ ᠬᠤᠪᠢᠷᠠᠭᠤᠯᠬᠤ᠂ ᠪᠦᠲᠦᠴᠡ ᠶᠢ ᠲᠣᠬᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠭᠦ᠂ ᠬᠥᠳᠡᠯᠭᠡᠬᠦ ᠬᠦᠴᠦᠨ ᠢ ᠨᠡᠮᠡᠭᠳᠡᠭᠦᠯᠬᠦ ᠲᠠᠯ᠎ᠠ ᠪᠠᠷ ᠨᠡᠩ ᠶᠡᠭᠡ ᠬᠦᠴᠦ ᠣᠷᠣᠭᠤᠯᠵᠤ᠂ ᠬᠤᠷᠸ᠎ᠠ ᠠᠵᠤ ᠠᠬᠤᠢ ᠶᠢᠨ︽ᠲᠣᠭᠲᠠᠭᠤᠨ︾ ᠪᠠᠶᠢᠬᠤ ᠦᠨᠳᠦᠰᠦᠨ ᠪᠠᠶᠢᠳᠠᠯ ᠢ ᠪᠠᠲᠤ ᠰᠠᠬᠢᠭᠰᠠᠨ ᠢᠶᠠᠷ ᠪᠠᠷᠠᠬᠤ ᠦᠭᠡᠢ᠂ ᠨᠡᠩ ᠴᠤ ᠴᠢᠨᠠᠷ ᠰᠠᠶᠢᠲᠠᠢ ᠬᠥᠭᠵᠢᠯᠲᠡ ᠶᠢ ᠡᠷᠡᠰ ᠠᠬᠢᠭᠤᠯᠬᠤ ᠶᠠᠪᠤᠴᠠ ᠳᠤ︽ᠤᠷᠤᠭᠰᠢᠯᠠᠬᠤ︾ ᠰᠢᠨ᠎ᠡ ᠣᠷᠣᠨ ᠵᠠᠢ ᠶᠢ ᠥᠷᠭᠡᠳᠬᠡᠭᠰᠡᠨ ᠪᠠᠶᠢᠨ᠎ᠠ ᠭᠡᠵᠦ ᠦᠨᠡᠯᠡᠪᠡ᠃      ᠰᠢᠨ᠎ᠡ ᠬᠥᠳᠡᠯᠭᠡᠬᠦ ᠡᠨᠧᠷᠭᠢ ᠦᠰᠦᠨ ᠪᠤᠵᠠᠭᠠᠶᠢᠷᠠᠪᠠ᠃ ᠪᠦᠭᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠣᠲᠣᠷ᠎ᠠ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢ 944.3 ᠲᠦᠮᠡ ᠦᠢᠯᠡᠳᠪᠦᠷᠢᠯᠡᠵᠦ ᠂ ᠲᠦᠷᠦᠭᠦᠦ ᠵᠢᠯ ᠤᠨ ᠬᠢ ᠠᠴᠠ 30.3% ᠪᠠᠷ ᠨᠡᠮᠡᠭᠳᠡᠪᠡ; ᠨᠡᠷᠡᠨ ᠡᠨᠧᠷᠭᠢ ᠶᠢᠨ ᠳ᠋ᠢᠶᠠᠨ ᡂᠢ ︵ᠭᠡᠷᠡᠯ ᠴᠡᠨᠡᠭ ᠤᠨ ᠳ᠋ᠢᠶᠠᠨ ᡂᠢ︶5.4 ᠳ᠋ᠦᠩᠰᠢᠭᠤᠷ ᠺᠢᠯᠣᠸᠠᠲ ᠲᠤ ᠬᠦᠷᠴᠦ᠂ 54.0% ᠢᠶᠠᠷ ᠨᠡᠮᠡᠭᠳᠡᠪᠡ᠃  ᠦᠢᠯᠡᠴᠢᠯᠡᠭᠡᠨ ᠤ ᠮᠠᠰᠢᠨ ᠬᠥᠮᠥᠨ 783.3 ᠲᠦᠮᠡᠨ ᠢᠵᠢ ᠳᠤ ᠬᠦᠷᠴᠦ᠂ 23.3% ᠪᠠᠷ ᠨᠡᠮᠡᠭᠳᠡᠪᠡ᠃   
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号