3 ᠰᠠᠷ᠎ᠠ ᠠᠴᠠ ᠡᠬᠢᠯᠡᠨ ᠡᠳᠡᠭᠡᠷ ᠰᠢᠨ᠎ᠡ ᠲᠣᠭᠲᠠᠭᠠᠯ ᠢ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2024/3/1
     ᠢᠳᠡᠭᠡᠨ ᠤ ᠠᠮᠤᠷ ᠲᠦᠪᠰᠢᠨ᠂ ᠲᠦᠷᠭᠡᠨ ᠬᠦᠷᠭᠡᠯᠲᠡ᠂ ᠡᠯᠧᠺᠲᠷᠣᠨ ᠪᠠᠷᠢᠮᠲᠠ᠂ ᠺᠤᠮᠫᠠᠨᠢ ᠶᠢᠨ ᠡᠳ᠋ ᠬᠥᠷᠥᠩᠭᠡ᠂ ᠸᠢᠰᠠ ᠬᠡᠯᠲᠦᠷᠢᠭᠦᠯᠬᠦ ᠵᠡᠷᠭᠡ ᠳᠤ ᠬᠤᠯᠪᠣᠭᠳᠠᠭᠰᠠᠨ ᠨᠢᠭᠡ ᠪᠦᠯᠦᠭ ᠰᠢᠨ᠎ᠡ ᠲᠣᠭᠲᠠᠭᠠᠯ ᠢ 3 ᠰᠠᠷ᠎ᠠ ᠠᠴᠠ ᠡᠬᠢᠯᠡᠨ ᠬᠡᠷᠡᠭᠵᠢᠭᠦᠯᠬᠦ ᠪᠣᠯᠣᠨ᠎ᠠ᠃      ︽ᠲᠠᠩᠰᠠ ᠡᠪᠬᠡᠮᠡᠯ ᠤᠨ ᠬᠠᠤᠯᠢ ᠶᠢ ᠬᠡᠷᠡᠭᠵᠢᠭᠦᠯᠬᠦ ᠳᠦᠷᠢᠮ︾        ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠩᠰᠠ ᠡᠪᠬᠡᠮᠡᠯ ᠤᠨ ᠬᠠᠤᠯᠢ ᠶᠢ ᠬᠡᠷᠡᠭᠵᠢᠭᠦᠯᠬᠦ ᠳᠦᠷᠢᠮ︾ ᠢ 3 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠬᠡᠷᠡᠭᠵᠢᠭᠦᠯᠬᠦ ᠳᠦᠷᠢᠮ︾ ᠨᠢ ᠨᠡᠶᠢᠲᠡ 8 ᠪᠦᠯᠦᠭ 52 ᠵᠤᠷᠪᠤᠰ ᠲᠠᠢ ᠪᠠᠶᠢᠵᠤ᠂ ᠲᠠᠩᠰᠠ ᠡᠪᠬᠡᠮᠡᠯ ᠤᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ᠂ ᠲᠠᠩᠰᠠ ᠡᠪᠬᠡᠮᠡᠯ ᠢ ᠬᠤᠷᠢᠶᠠᠨ ᠴᠤᠭᠯᠠᠭᠤᠯᠵᠤ ᠬᠠᠮᠢᠶᠠᠷᠬᠤ ᠶᠢ ᠵᠢᠷᠤᠮᠵᠢᠭᠤᠯᠬᠤ᠂ ᠲᠠᠩᠰᠠ ᠡᠪᠬᠡᠮᠡᠯ ᠢ ᠬᠠᠳᠠᠭᠠᠯᠠᠨ ᠬᠠᠮᠢᠶᠠᠷᠬᠤ ᠳᠦᠷᠢᠮ ᠢ ᠪᠦᠷᠢᠨᠰᠢᠭᠦᠯᠬᠦ᠂ ᠨᠡᠭᠡᠭᠡᠨ ᠠᠰᠢᠭᠯᠠᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠬᠤ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠲᠣᠭᠲᠠᠭᠠᠵᠠᠢ᠃      ᠺᠤᠮᠫᠠᠨᠢ ᠶᠢᠨ ᠡᠳ᠋ ᠬᠥᠷᠥᠩᠭᠡ ᠶᠢ ᠬᠢᠮᠳᠠ ᠪᠠᠷ ᠬᠤᠳᠠᠯᠳᠤᠪᠠᠯ  ᠶᠠᠯᠠᠳᠠᠨ᠎ᠠ      ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ﹀ ᠳᠤ ᠲᠣᠭᠲᠠᠭᠠᠭᠰᠠᠨ ᠶᠠᠯ᠎ᠠ ᠶᠢᠨ ᠨᠡᠷ᠎ᠡ ᠶᠢ ᠬᠡᠷᠡᠭᠵᠢᠭᠦᠯᠬᠦ ᠲᠤᠬᠠᠢ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠨᠥᠬᠦᠪᠦᠷᠢ ᠲᠣᠭᠲᠠᠭᠠᠯ ︵ᠨᠠᠢᠮᠠ︶︾ ᠢ 3 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ ᠳᠤ ᠵᠠᠰᠠᠪᠤᠷᠢ ᠣᠷᠣᠭᠤᠯᠤᠭᠰᠠᠨ ᠲᠥᠰᠥᠯ ︵ᠠᠷᠪᠠᠨ ᠬᠤᠶᠠᠷ︶︾ ᠢ ᠦᠨᠳᠦᠰᠦᠯᠡᠪᠡᠯ᠂ ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ﹀ ᠳᠤ ᠲᠣᠭᠲᠠᠭᠠᠭᠰᠠᠨ ᠶᠠᠯ᠎ᠠ ᠶᠢᠨ ᠨᠡᠷ᠎ᠡ ᠶᠢ ᠬᠡᠷᠡᠭᠵᠢᠭᠦᠯᠬᠦ ᠲᠤᠬᠠᠢ ᠠᠷᠠᠳ ᠤᠨ ᠳᠡᠭᠡᠳᠦ ᠰᠢᠭᠦᠬᠦ ᠬᠤᠷᠢᠶᠠᠨ ᠤ ᠲᠣᠭᠲᠠᠭᠠᠯ︾᠂ ︽ᠡᠷᠡᠭᠦᠦ ᠶᠢᠨ ᠬᠠᠤᠯᠢ ᠶᠢᠨ ᠬᠤᠪᠢᠶᠠᠷᠢ ᠳᠦᠷᠢᠮ ᠳᠤ ᠲᠣᠭᠲᠠᠭᠠᠭᠰᠠᠨ ᠶᠠᠯ᠎ᠠ ᠶᠢᠨ ᠨᠡᠷ᠎ᠡ ᠶᠢ ᠬᠡᠷᠡᠭᠯᠡᠬᠦ ᠲᠤᠬᠠᠢ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠰᠠᠨᠠᠯ︾ ᠳᠤ ᠳᠣᠣᠷᠠᠬᠢ ᠮᠡᠲᠦ ᠵᠠᠰᠠᠪᠤᠷᠢ ᠣᠷᠣᠭᠤᠯᠪᠠ᠄ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠵᠠᠭᠤ ᠵᠢᠷᠠ ᠶᠢᠰᠦᠳᠦᠭᠡᠷ ᠵᠦᠢᠯ ︵︽ᠡᠷᠡᠭᠦᠦ ᠶᠢᠨ ᠬᠠᠤᠯᠢ ᠳᠤ ᠵᠠᠰᠠᠪᠤᠷᠢ ᠣᠷᠣᠭᠤᠯᠤᠭᠰᠠᠨ ᠲᠥᠰᠥᠯ ︵ᠠᠷᠪᠠᠨ ᠬᠤᠶᠠᠷ︶︾ ᠤᠨ ᠭᠤᠷᠪᠠᠳᠤᠭᠠᠷ ᠵᠦᠢᠯ︶ ᠳᠠᠬᠢ  ᠶᠠᠯ᠎ᠠ ᠶᠢᠨ ᠨᠡᠷ᠎ᠡ ᠶᠢ︽ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠬᠢᠮᠳᠠ ᠦᠨ᠎ᠡ ᠪᠠᠷ ᠬᠤᠪᠢ ᠪᠣᠯᠭᠠᠨ ᠨᠤᠭᠤᠯᠤᠨ ᠪᠤᠳᠤᠬᠰᠠᠨ ᠪᠠ ᠬᠤᠳᠠᠯᠳᠤᠭᠰᠠᠨ ᠶᠠᠯ᠎ᠠ︾ ᠭᠡᠵᠦ ᠪᠠᠶᠢᠭᠰᠠᠨ ᠢ︽ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠨ ᠺᠤᠮᠫᠠᠨᠢ᠂ ᠠᠵᠤ ᠠᠬᠤᠶᠢᠯᠠᠯ ᠤᠨ ᠡᠳ᠋ ᠬᠥᠷᠥᠩᠭᠡ ᠶᠢ ᠬᠢᠮᠳᠠ ᠦᠨ᠎ᠡ ᠪᠠᠷ ᠬᠤᠪᠢ ᠪᠣᠯᠭᠠᠨ ᠨᠤᠭᠤᠯᠤᠨ ᠪᠤᠳᠤᠬᠰᠠᠨ ᠪᠠ ᠬᠤᠳᠠᠯᠳᠤᠭᠰᠠᠨ ᠶᠠᠯ᠎ᠠ︾  ᠭᠡᠵᠦ ᠵᠠᠰᠠᠪᠠ᠃      ᠬᠤᠳᠠᠯ ᠬᠠᠭᠤᠷᠮᠠᠭ ᠢᠶᠠᠷ ᠠᠵᠤ ᠠᠬᠤᠶᠢᠯᠠᠯ ᠳᠠᠩᠰᠠᠯᠠᠭᠤᠯᠪᠠᠯ ᠰᠢᠢᠳᠬᠡᠨ᠎ᠡ      ︽ᠬᠤᠳᠠᠯ ᠬᠠᠭᠤᠷᠮᠠᠭ ᠢᠶᠠᠷ ᠠᠵᠤ ᠠᠬᠤᠶᠢᠯᠠᠯ ᠳᠠᠩᠰᠠᠯᠠᠭᠤᠯᠵᠤ ᠬᠠᠤᠯᠢ   ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠰᠡᠷᠭᠡᠶᠢᠯᠡᠬᠦ ᠪᠠ ᠪᠠᠶᠢᠴᠠᠭᠠᠨ ᠰᠢᠢᠳᠪᠦᠷᠢᠯᠡᠬᠦ ᠲᠣᠭᠲᠠᠭᠠᠯ︾ ᠢ 3 ᠰᠠᠷ᠎ᠠ ᠶᠢᠨ 15 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠎ᠡ᠃ ᠳᠤᠰ ︽ᠲᠣᠭᠲᠠᠭᠠᠯ︾ ᠳᠤ ᠳᠤᠷᠠᠳᠤᠭᠰᠠᠨ ᠢᠶᠠᠷ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠠ ᠲᠥᠪ ᠤᠨ ᠠᠵᠤ ᠠᠬᠤᠶᠢᠯᠠᠯ᠂ ᠨᠡᠷ᠎ᠡ ᠠᠯᠳᠠᠷᠰᠢᠭᠰᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠠ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠢᠶᠠᠷ ᠬᠠᠭᠤᠷᠮᠠᠭᠯᠠᠵᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢᠨ ᠳᠠᠯᠳᠠ ᠴᠢᠨᠠᠷ ᠢᠶᠠᠷ ᠴᠢᠩᠭ᠎ᠠ᠂ ᠥᠷᠭᠡᠵᠢᠨ ᠳᠡᠯᠭᠡᠷᠡᠬᠦ ᠨᠢ ᠲᠦᠷᠭᠡᠨ᠂ ᠨᠡᠶᠢᠭᠡᠮ ᠤᠨ ᠨᠥᠯᠥᠭᠡ ᠶᠡᠭᠡ ᠵᠡᠷᠭᠡ ᠣᠨᠴᠠᠯᠢᠭ ᠲᠤ ᠴᠢᠭᠯᠡᠭᠦᠯᠦᠨ᠂ ᠪᠡᠶ᠎ᠡ ᠶᠢᠨ ᠭᠠᠷᠤᠯ ᠢ ᠬᠠᠷᠭᠤᠭᠤᠯᠤᠨ ᠪᠠᠶᠢᠴᠠᠭᠠᠬᠤ ᠶᠢ ᠴᠢᠩᠭᠠᠳᠬᠠᠬᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠬᠤ᠂ ᠮᠡᠳᠡᠭᠡ ᠵᠠᠩᠭᠢ ᠶᠢ ᠬᠠᠷᠢᠴᠠᠭᠤᠯᠤᠨ ᠬᠠᠷᠭᠤᠭᠤᠯᠤᠨ ᠪᠠᠶᠢᠴᠠᠭᠠᠬᠤ ᠶᠢ ᠬᠡᠷᠡᠭᠵᠢᠭᠦᠯᠬᠦ᠂ ᠳᠠᠩᠰᠠᠯᠠᠯᠲᠠ ᠶᠢ ᠬᠦᠴᠦᠨ ᠦᠭᠡᠢ ᠪᠤᠯᠭᠠᠬᠤ ᠵᠢᠷᠤᠮ ᠢ ᠲᠡᠭᠦᠯᠳᠡᠷᠵᠢᠭᠦᠯᠬᠦ᠂ ᠨᠢᠭᠡᠨᠲᠡ ᠬᠡᠷᠡᠭ ᠪᠣᠯᠭᠠᠨ ᠲᠠᠩᠰᠠᠯᠠᠵᠤ ᠪᠠᠶᠢᠴᠠᠭᠠᠭᠰᠠᠨ ᠠᠵᠤ ᠠᠬᠤᠶᠢᠯᠠᠯ ᠢ ᠬᠠᠤᠯᠢ ᠶᠣᠰᠣᠭᠠᠷ ᠳᠠᠩᠰᠠᠯᠠᠯᠲᠠ ᠬᠢᠬᠦ ᠦᠭᠡᠢ᠂ ᠬᠠᠤᠯᠢ ᠪᠤᠰᠤ ᠵᠠᠭᠤᠴᠢ ᠪᠠᠶᠢᠭᠤᠯᠤᠮᠵᠢ ᠶᠢᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠰᠢᠢᠳᠬᠡᠬᠦ ᠵᠡᠷᠭᠡ ᠠᠷᠭ᠎ᠠ ᠬᠡᠮᠵᠢᠶ᠎ᠡ ᠠᠪᠬᠤ ᠪᠣᠯᠣᠨ᠎ᠠ᠃      ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠭᠴᠢ ᠶᠢ ᠰᠢᠯᠭᠠᠨ ᠬᠢᠨᠠᠨ᠎ᠠ      ︽ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠭᠴᠢ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠵᠤ ᠰᠢᠯᠭᠠᠨ ᠬᠢᠨᠠᠬᠤ ᠵᠦᠭᠯᠡᠭᠦᠷ︾᠂ ︽ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠭᠴᠢ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠵᠤ ᠰᠢᠯᠭᠠᠨ ᠬᠢᠨᠠᠬᠤ ᠬᠥᠲᠥᠯᠪᠦᠷᠢ︾ ᠶᠢ 3 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠤᠨᠴᠠᠭᠠᠢ ᠢᠳᠡᠭᠡᠨ ᠦᠢᠯᠡᠳᠪᠦᠷᠢᠯᠡᠬᠦ ᠪᠠ ᠡᠵᠡᠩᠨᠡᠬᠦ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠠᠢ᠃ ᠤᠨᠴᠠᠭᠠᠢ ᠢᠳᠡᠭᠡᠨ ᠦᠢᠯᠡᠳᠪᠦᠷᠢᠯᠡᠬᠦ ᠪᠠ ᠡᠵᠡᠩᠨᠡᠬᠦ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠠᠴᠠ ︽ᠵᠦᠭᠯᠡᠭᠦᠷ︾ ᠪᠠ  ︽ᠬᠥᠲᠥᠯᠪᠦᠷᠢ︾ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠤᠨᠴᠠᠭᠠᠢ ᠢᠳᠡᠭᠡᠨ ᠤ ᠦᠢᠯᠡᠳᠪᠦᠷᠢᠯᠡᠯ᠂ ᠡᠵᠡᠩᠨᠡᠯᠲᠡ ᠯᠦᠭᠡ ᠬᠤᠯᠪᠣᠭᠳᠠᠬᠤ ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠪᠠ ᠪᠠᠷᠢᠮᠵᠢᠶ᠎ᠠ ᠶᠢᠨ ᠴᠢᠬᠤᠯᠠ ᠲᠣᠭᠲᠠᠭᠠᠯ ᠢ ᠡᠵᠡᠮᠰᠢᠵᠦ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ ᠵᠢᠴᠢ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠳᠤ ᠰᠠᠭᠤᠷᠢᠯᠠᠭᠰᠠᠨ ᠬᠥᠳᠡᠯᠦᠩᠭᠦᠢ ᠬᠠᠮᠢᠶᠠᠷᠤᠯᠲᠠ ᠶᠢᠨ ᠲᠣᠭᠲᠠᠴᠠ ᠵᠡᠷᠭᠡ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃      ᠭᠤᠪᠢᠭᠤᠯᠤᠭᠰᠠᠨ ᠪᠣᠳᠠᠰ ᠢ ᠣᠶᠤᠨᠴᠢ ᠬᠠᠶᠢᠷᠴᠠᠭ᠂ ᠦᠢᠯᠡᠴᠢᠯᠡᠭᠡᠨ ᠤ ᠥᠷᠲᠡᠭᠡ ᠳᠤ ᠳᠤᠷ᠎ᠠ ᠪᠠᠷ ᠢᠶᠠᠨ ᠲᠠᠯᠪᠢᠵᠤ ᠪᠤᠯᠬᠤ ᠦᠭᠡᠢ      ︽ᠲᠦᠷᠭᠡᠨ ᠬᠦᠷᠭᠡᠯᠲᠡ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠷᠭ᠎ᠠ︾ ᠶᠢ 3 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠳᠤᠰ︽ᠠᠷᠭ᠎ᠠ︾ ᠳᠤ᠂ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠢ ᠡᠵᠡᠩᠨᠡᠵᠦ ᠪᠠᠶᠢᠭ᠎ᠠ ᠠᠵᠤ ᠠᠬᠤᠶᠢᠯᠠᠯ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠰᠢᠤᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠬᠤ᠂ ᠳᠣᠩᠭᠤᠳᠬᠤ ᠪᠤᠶᠤ ᠵᠠᠷᠯᠠᠨ ᠰᠢᠭᠦᠮᠵᠢᠯᠡᠨ᠎ᠡ᠂ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠵᠦ ᠪᠤᠯᠣᠨ᠎ᠠ; ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ 1 ᠲᠦᠮᠡᠨ ᠲᠥᠭᠦᠷᠢᠭ ᠠᠴᠠ 3 ᠲᠦᠮᠡᠨ ᠲᠥᠭᠦᠷᠢᠭ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠄ ᠬᠡᠷᠡᠭᠯᠡᠭᠴᠢ ᠶᠢᠨ ᠵᠥᠪᠰᠢᠶᠡᠷᠡᠯ ᠦᠭᠡᠢ ᠪᠠᠷ ᠭᠤᠪᠢᠭᠤᠯᠤᠭᠰᠠᠨ ᠪᠣᠳᠠᠰ ᠢ ᠬᠤᠷᠢᠶᠠᠨ ᠣᠯᠣᠭᠰᠠᠨ ᠢᠶᠠᠷ ᠣᠷᠣᠯᠠᠨ ᠨᠤᠲᠠᠯᠠᠭᠤᠯᠬᠤ; ᠬᠡᠷᠡᠭᠯᠡᠭᠴᠢ ᠶᠢᠨ ᠵᠥᠪᠰᠢᠶᠡᠷᠡᠯ ᠦᠭᠡᠢ ᠪᠠᠷ ᠭᠤᠪᠢᠭᠤᠯᠤᠭᠰᠠᠨ ᠪᠣᠳᠠᠰ ᠢ ᠣᠶᠤᠨᠴᠢ  ᠬᠠᠶᠢᠷᠴᠠᠭ᠂ ᠲᠦᠷᠭᠡᠨ ᠬᠦᠷᠭᠡᠯᠲᠡ ᠶᠢᠨ ᠦᠢᠯᠡᠴᠢᠯᠡᠭᠡᠨ ᠤ ᠥᠷᠲᠡᠭᠡ ᠳᠤ ᠳᠠᠯᠪᠢᠬᠤ; ᠲᠦᠷᠭᠡᠨ ᠬᠦᠷᠭᠡᠯᠲᠡ ᠶᠢᠨ ᠡᠳ᠋ ᠪᠣᠳᠠᠰ ᠢ ᠭᠠᠵᠠᠷ ᠬᠠᠶᠠᠬᠤ ᠪᠤᠶᠤ  ᠭᠢᠰᠬᠢᠬᠦ ᠵᠡᠷᠭᠡ᠃      ᠴᠠᠭᠢᠯᠭᠠᠨ ᠬᠦᠴᠦᠨ ᠤ ᠪᠡᠯᠡᠨ ᠪᠠᠷᠠᠭᠠᠨ ᠤ ᠵᠠᠬ᠎ᠠ ᠳᠡᠯᠭᠡᠭᠦᠷ ᠤᠨ ᠳᠦᠷᠢᠮ ᠢ ᠲᠡᠭᠦᠯᠳᠡᠷᠵᠢᠭᠦᠯᠦᠨ᠎ᠡ      ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠡᠨᠧᠷᠭᠢ ᠶᠢᠨ ᠲᠣᠪᠴᠢᠶ᠎ᠠ ᠶᠢᠨ ᠨᠡᠶᠢᠲᠡᠯᠡᠭᠰᠡᠨ ︽ᠴᠠᠭᠢᠯᠭᠠᠨ ᠬᠦᠴᠦᠨ ᠤ ᠲᠤᠰᠠᠯᠠᠬᠤ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠲᠤᠬᠠᠢ ᠮᠡᠳᠡᠭᠳᠡᠯ︾ ᠢ 3 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠮᠡᠳᠡᠭᠳᠡᠯ︾ ᠳᠤ ᠳᠤᠷᠠᠳᠤᠭᠰᠠᠨ   ᠢᠶᠠᠷ᠂ ᠴᠠᠭᠢᠯᠭᠠᠨ ᠬᠦᠴᠦᠨ ᠤ ᠪᠡᠯᠡᠨ ᠪᠠᠷᠠᠭᠠᠨ ᠤ ᠵᠠᠬ᠎ᠠ ᠳᠡᠯᠭᠡᠭᠦᠷ ᠠᠵᠢᠯᠯᠠᠭᠤᠯᠵᠤ ᠪᠠᠶᠢᠭ᠎ᠠ ᠭᠠᠵᠠᠷ ᠣᠷᠣᠨ ᠳᠤ᠂ ᠪᠡᠯᠡᠨ ᠪᠠᠷᠠᠭᠠᠨ ᠤ ᠵᠠᠬ᠎ᠠ ᠳᠡᠯᠭᠡᠭᠦᠷ ᠤᠨ ᠳᠦᠷᠢᠮ ᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠬᠢᠵᠠᠭᠠᠷᠲᠤ ᠦᠨ᠎ᠡ ᠶᠢ ᠵᠣᠬᠢᠰᠲᠠᠢ ᠪᠠᠷ ᠠᠭᠤᠵᠢᠭᠤ ᠲᠠᠯᠪᠢᠨ᠂ ᠣᠷᠭᠢᠯ ᠦᠶ᠎ᠡ ᠶᠢ ᠲᠣᠬᠢᠷᠠᠭᠤᠯᠬᠤ ᠴᠢᠳᠠᠮᠵᠢ ᠶᠢ ᠪᠡᠶᠡᠯᠡᠭᠦᠯᠬᠦ ᠶᠢ ᠬᠥᠲᠥᠯᠥᠨ ᠵᠢᠯᠤᠭᠤᠳᠴᠤ᠂ ᠣᠷᠭᠢᠯ ᠦᠶ᠎ᠡ ᠶᠢ ᠲᠣᠬᠢᠷᠠᠭᠤᠯᠬᠤ ᠵᠢᠴᠢ ᠣᠷᠭᠢᠯ ᠦᠶ᠎ᠡ ᠶᠢ ᠲᠣᠬᠢᠷᠠᠭᠤᠯᠬᠤ ᠪᠠᠭᠲᠠᠭᠠᠮᠵᠢ ᠵᠡᠷᠭᠡ ᠠᠳᠠᠯᠢᠪᠲᠤᠷ ᠴᠢᠳᠠᠮᠵᠢ ᠲᠠᠢ ᠵᠠᠬ᠎ᠠ ᠳᠡᠯᠭᠡᠭᠦᠷ ᠢ ᠳᠠᠭᠢᠵᠤ ᠠᠵᠢᠯᠯᠠᠭᠤᠯᠬᠤ ᠦᠭᠡᠢ ᠪᠣᠯᠭᠠᠨ᠎ᠠ᠃      ︽ᠠᠶᠤᠯᠭᠦᠢ ᠦᠢᠯᠡᠳᠪᠦᠷᠢᠯᠡᠯ ᠤᠨ ᠠᠳᠡᠯ ᠢ  ᠵᠣᠭᠤᠰ ᠢᠶᠠᠷ ᠲᠣᠷᠭᠠᠵᠤ ᠰᠢᠢᠳᠬᠡᠬᠦ  ᠲᠣᠭᠲᠠᠭᠠᠯ︾ ᠢ ᠬᠡᠷᠡᠭᠵᠢᠭᠦᠯᠦᠨ᠎ᠡ      ︽ᠠᠶᠤᠯᠭᠦᠢ ᠦᠢᠯᠡᠳᠪᠦᠷᠢᠯᠡᠯ ᠤᠨ ᠠᠳᠡᠯ ᠢ ᠵᠣᠭᠤᠰ ᠢᠶᠠᠷ ᠲᠣᠷᠭᠠᠵᠤ ᠰᠢᠢᠳᠬᠡᠬᠦ ᠲᠣᠭᠲᠠᠭᠠᠯ︾ ᠢ 3 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠡᠭᠦᠨ ᠳᠤ ︽ᠲᠣᠭᠲᠠᠭᠠᠯ︾ ᠳᠤ ᠠᠳᠡᠯ ᠭᠠᠷᠤᠭᠰᠠᠨ ᠨᠢᠭᠡᠴᠢ ᠪᠠ ᠭᠤᠣᠯ ᠬᠠᠷᠢᠭᠤᠴᠠᠯᠭᠠᠲᠠᠨ ᠤ ᠬᠦᠷᠢᠶ᠎ᠡ ᠬᠡᠪᠴᠢᠶ᠎ᠡ ᠶᠢ ᠲᠣᠳᠣᠷᠬᠠᠢ ᠲᠣᠭᠲᠠᠭᠠᠵᠤ᠂ ᠠᠵᠢᠯᠲᠠᠨ ᠤ︽ᠲᠦᠷᠦᠭᠦᠦ ᠨᠢᠭᠡ ᠵᠢᠯ ᠤᠨ  ᠣᠷᠣᠯᠭ᠎ᠠ︾ ᠶᠢᠨ ᠲᠤᠬᠠᠢ ᠲᠣᠭᠲᠠᠭᠠᠯ ᠭᠠᠷᠭᠠᠵᠤ᠂︽ᠤᠳᠠᠭᠠᠰᠢᠷᠠᠭᠤᠯᠤᠨ ᠮᠡᠳᠡᠭᠦᠯᠦᠭᠰᠡᠨ᠂ ᠣᠷᠬᠢᠭᠳᠠᠭᠤᠯᠤᠨ ᠮᠡᠳᠡᠭᠦᠯᠦᠭᠰᠡᠨ᠂ ᠬᠤᠳᠠᠯ ᠢᠶᠠᠷ ᠮᠡᠳᠡᠭᠦᠯᠦᠭᠰᠡᠨ ᠪᠠ ᠮᠡᠳᠡᠭᠦᠯᠬᠦ ᠦᠭᠡᠢ ᠨᠢᠭᠤᠭᠰᠠᠨ︾ ᠠᠳᠡᠯ ᠢ ᠲᠣᠳᠣᠷᠬᠠᠢ ᠵᠠᠭᠠᠭᠯᠠᠨ ᠲᠣᠭᠲᠠᠭᠠᠵᠠᠢ᠃      ᠡᠯᠧᠺᠲᠷᠣᠨ ᠪᠠᠷᠢᠮᠲᠠ ᠪᠣᠯᠣᠨ ᠴᠠᠭᠠᠰᠤᠨ ᠪᠠᠷᠢᠮᠲᠠ ᠠᠳᠠᠯᠢᠬᠠᠨ ᠬᠠᠤᠯᠢ ᠴᠠᠭᠠᠵᠠ ᠶᠢᠨ ᠬᠦᠴᠦᠨ ᠲᠠᠢ ᠪᠠᠶᠢᠬᠤ ᠶᠢ ᠴᠢᠬᠤᠯᠠᠴᠢᠯᠠᠨ᠎ᠠ      ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠮᠲᠠ ᠶᠢᠨ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠬᠦ ᠨᠠᠷᠢᠨ ᠳᠦᠷᠢᠮ﹀ ᠳᠤ ᠵᠠᠰᠠᠪᠤᠷᠢ ᠣᠷᠣᠭᠤᠯᠬᠤ ᠲᠤᠬᠠᠢ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠲᠣᠭᠲᠠᠭᠠᠯ︾ ᠢ 3 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠳᠤᠰ ︽ᠲᠣᠭᠲᠠᠭᠠᠯ︾ ᠳᠤ ᠡᠯᠧᠺᠲᠷᠣᠨ ᠪᠠᠷᠢᠮᠲᠠ ᠶᠢ ︽ᠲᠠᠸᠠᠷ ᠬᠤᠳᠠᠯᠳᠤᠨ ᠠᠪᠬᠤ ᠪᠠ ᠪᠣᠷᠣᠯᠠᠭᠤᠯᠬᠤ᠂ ᠦᠢᠯᠡᠴᠢᠯᠡᠭᠡ ᠬᠠᠩᠭᠠᠬᠤ ᠪᠤᠶᠤ ᠭᠥᠯᠢᠶᠡᠨ ᠠᠪᠬᠤ ᠵᠢᠴᠢ ᠪᠤᠰᠤᠳ ᠡᠵᠡᠩᠨᠡᠯᠲᠡ ᠶᠢᠨ ᠠᠵᠢᠯᠯᠠᠭ᠎ᠠ ᠬᠢᠬᠦ ᠳᠤᠮᠳᠠ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠪᠠᠷᠢᠮᠲᠠ ᠶᠢᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠳ᠋ᠠᠶᠢᠲ᠋ᠠ ᠡᠯᠧᠺᠲᠷᠣᠨ ᠪᠢᠴᠢᠭ ᠤᠨ ᠭᠡᠯᠪᠡᠷᠢ ᠪᠠᠷ ᠪᠢᠴᠢᠵᠦ ᠥᠭᠭᠦᠭᠰᠡᠨ ᠪᠤᠶᠤ ᠬᠤᠷᠢᠶᠠᠵᠤ ᠠᠪᠤᠭᠰᠠᠨ ᠲᠣᠭᠠᠴᠠᠭ᠎ᠠ ᠬᠢᠭᠰᠡᠨ ᠭᠡᠷᠡᠴᠢ ᠪᠠᠷᠢᠮᠲᠠ︾ ᠭᠡᠵᠦ ᠲᠣᠳᠣᠷᠬᠠᠶᠢᠯᠠᠭᠠᠳ ︽ᠡᠯᠧᠺᠲᠷᠣᠨ ᠪᠠᠷᠢᠮᠲᠠ ᠪᠣᠯᠣᠨ ᠴᠠᠭᠠᠰᠤᠨ ᠪᠠᠷᠢᠮᠲᠠ ᠴᠥᠮ ᠠᠳᠠᠯᠢᠬᠠᠨ ᠬᠠᠤᠯᠢ ᠴᠠᠭᠠᠵᠠ ᠶᠢᠨ ᠬᠦᠴᠦᠨ ᠲᠠᠢ᠂ ᠶᠠᠮᠠᠷᠪᠠ ᠨᠢᠭᠡᠴᠢ ᠪᠣᠯᠣᠨ ᠬᠤᠪᠢ ᠬᠥᠮᠥᠨ ᠭᠥᠯᠢᠶᠡᠨ ᠠᠪᠬᠤ ᠦᠭᠡᠢ ᠪᠠᠶᠢᠵᠤ ᠪᠤᠯᠬᠤ ᠦᠭᠡᠢ︾ᠭᠡᠵᠦ ᠴᠢᠬᠤᠯᠠᠴᠢᠯᠠᠪᠠ; ᠡᠭᠦᠨ ᠤ ᠬᠠᠮᠲᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ︽ᠡᠯᠧᠺᠲᠷᠣᠨ ᠪᠠᠷᠢᠮᠲᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠬᠤ︾ ᠪᠠ  ︽ᠡᠯᠧᠺᠲᠷᠣᠨ ᠪᠠᠷᠢᠮᠲᠠ ᠶᠢ ᠪᠢᠴᠢᠵᠦ ᠥᠭᠬᠦ᠂ ᠲᠤᠰᠢᠶᠠᠨ ᠥᠭᠬᠦ᠂ ᠪᠠᠶᠢᠴᠠᠭᠠᠨ ᠰᠢᠯᠭᠠᠬᠤ ᠵᠡᠷᠭᠡ ᠦᠢᠯᠡᠴᠢᠯᠡᠭᠡ ᠬᠠᠩᠭᠠᠬᠤ︾ ᠡᠭᠦᠷᠭᠡ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠪᠠ᠃      ᠳᠤᠮᠳᠠᠳᠤ ᠤᠯᠤᠰ ᠪᠣᠯᠣᠨ ᠲᠠᠢ ᠤᠯᠤᠰ ᠬᠠᠷᠢᠯᠴᠠᠨ ᠸᠢᠰᠠ  ᠬᠡᠯᠲᠦᠷᠢᠭᠦᠯᠦᠨ᠎ᠡ      ︽ᠡᠩ ᠤᠨ ᠫᠠᠰᠫᠣᠷᠲ ᠲᠠᠢ ᠬᠥᠮᠥᠰ ᠤᠨ ᠸᠢᠰᠠ ᠶᠢ ᠬᠠᠷᠢᠯᠴᠠᠨ ᠬᠡᠯᠲᠦᠷᠢᠭᠦᠯᠬᠦ ᠲᠤᠬᠠᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠪᠣᠯᠣᠨ ᠲᠠᠢ ᠤᠯᠤᠰ ᠤᠨ ᠵᠠᠰᠠᠭ ᠤᠨ ᠣᠷᠳᠣᠨ ᠤ ᠬᠡᠯᠡᠯᠴᠡᠭᠡᠷ︾ 3 ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ ᠬᠦᠴᠦᠨ ᠲᠠᠢ ᠪᠣᠯᠣᠨ᠎ᠠ᠃ ᠲᠤᠬᠠᠢ ᠶᠢᠨ ᠦᠶ᠎ᠡ ᠳᠤ᠂ ᠳᠤᠮᠳᠠᠳᠤ ᠶᠢᠨ ᠲᠠᠯ᠎ᠠ ᠶᠢᠨ ᠠᠯᠪᠠᠨ ᠶᠠᠪᠤᠳᠠᠯ ᠤᠨ ᠡᠩ ᠤᠨ ᠫᠠᠰᠫᠣᠷᠲ᠂ ᠡᠩ ᠤᠨ ᠫᠠᠰᠫᠣᠷᠲ ᠲᠠᠢ ᠬᠥᠮᠥᠰ ᠪᠠ ᠲᠠᠢ ᠤᠯᠤᠰ ᠤᠨ ᠲᠠᠯ᠎ᠠ ᠶᠢᠨ ᠡᠩ ᠤᠨ ᠫᠠᠰᠫᠣᠷᠲ ᠲᠠᠢ ᠬᠥᠮᠥᠰ ᠤᠯᠤᠰ ᠤᠨ ᠬᠢᠯᠢ ᠪᠠᠷ ᠬᠠᠷᠢᠯᠴᠠᠨ ᠣᠷᠣᠵᠤ ᠭᠠᠷᠬᠤ ᠳᠤ ᠸᠢᠰᠠ ᠶᠢ ᠬᠡᠯᠲᠦᠷᠢᠭᠦᠯᠵᠦ᠂ ᠰᠠᠭᠤᠬᠤ ᠬᠤᠭᠤᠴᠠᠭ᠎ᠠ ᠶᠢ ᠤᠳᠠᠭ᠎ᠠ ᠪᠦᠷᠢ 30 ᠡᠳᠦᠷ ᠠᠴᠠ ᠬᠡᠲᠦᠷᠡᠭᠦᠯᠬᠦ ᠦᠭᠡᠢ ︵180 ᠡᠳᠦᠷ ᠤᠨ ᠬᠤᠭᠤᠴᠠᠭᠠᠨ ᠳᠤ ᠨᠡᠶᠢᠲᠡ 90 ᠡᠳᠦᠷ ᠠᠴᠠ ᠬᠡᠲᠦᠷᠡᠭᠦᠯᠬᠦ ᠦᠭᠡᠢ︶᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号