ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠣᠶᠢᠷ᠎ᠠ ᠳᠤ ︽ᠠᠵᠤ | ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠭᠴᠢ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠵᠤ | ᠬᠢᠨᠠᠨ ᠰᠢᠯᠭᠠᠬᠤ ᠵᠦᠭᠯᠡᠭᠦᠷ︾ ᠪᠠ ︽ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠭᠴᠢ ᠳᠤ | ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠵᠤ ᠬᠢᠨᠠᠨ ᠰᠢᠯᠭᠠᠬᠤ ᠬᠥᠲᠥᠯᠪᠦᠷᠢ︾ ᠶᠢ ᠨᠡᠶᠢᠲᠡᠯᠡᠵᠦ᠂ 2024 ᠣᠨ ᠤ | 3 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠪᠠᠷ ᠪᠣᠯᠪᠠ᠃ ᠡᠨᠡ ᠨᠢ ᠣᠨᠴᠠᠭᠠᠢ ᠢᠳᠡᠭᠡᠨ ᠢ | ᠦᠢᠯᠡᠳᠪᠦᠷᠢᠯᠡᠵᠦ ᠡᠵᠡᠩᠨᠡᠬᠦ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠭᠴᠢ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠤᠯᠠᠮ ᠲᠣᠳᠣᠷᠬᠠᠢ ᠪᠤᠯᠭᠠᠬᠤ ᠪᠣᠯᠣᠨ᠎ᠠ᠃ | ᠣᠨᠴᠠᠭᠠᠶ ᠢᠳᠡᠭᠡᠨ ᠳᠤ ᠡᠷᠡᠭᠦᠯᠵᠢᠯ ᠤᠨ ᠢᠳᠡᠭᠡᠨ᠂ ᠠᠨᠠᠭᠠᠬᠤ ᠤᠬᠠᠭᠠᠨ ᠤ ᠣᠨᠴᠠᠭᠠᠶ ᠬᠡᠷᠡᠭᠴᠡᠭᠡᠲᠦ | ᠨᠠᠶᠢᠷᠠᠯᠭ᠎ᠠ ᠲᠠᠢ ᠢᠳᠡᠭᠡᠨ ᠪᠠ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠢᠳᠡᠭᠡᠨ ᠪᠠᠭᠲᠠᠵᠤ᠂ ︽ᠥᠲᠡᠭᠦᠰ ᠨᠢᠯᠬᠠᠰ︾ | ᠵᠡᠷᠭᠡ ᠭᠤᠣᠯᠳᠠᠯᠭ᠎ᠠ ᠲᠠᠢ ᠬᠥᠮᠥᠰ ᠤᠨ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ | ᠲᠦᠪᠰᠢᠨ ᠲᠠᠢ ᠬᠤᠯᠪᠣᠭᠳᠠᠨ᠎ᠠ᠃ | ᠳᠤᠰ ︽ᠵᠦᠭᠯᠡᠭᠦᠷ︾ ᠪᠠ ︽ᠬᠥᠲᠥᠯᠪᠦᠷᠢ︾ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠪᠡᠯ᠂ | ᠣᠨᠴᠠᠭᠠᠢ ᠢᠳᠡᠭᠡᠨ ᠢ ᠦᠢᠯᠡᠳᠪᠦᠷᠢᠯᠡᠵᠦ ᠡᠵᠡᠩᠨᠡᠬᠦ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠨᠢ | ᠣᠨᠴᠠᠭᠠᠢ ᠢᠳᠡᠭᠡᠨ ᠤ ᠦᠢᠯᠡᠳᠪᠦᠷᠢᠯᠡᠯ ᠪᠠ ᠡᠵᠡᠩᠨᠡᠯᠲᠡ ᠯᠦᠭᠡ ᠬᠤᠯᠪᠣᠭᠳᠠᠬᠤ ᠢᠳᠡᠭᠡᠨ ᠤ ᠠᠮᠤᠷ ᠲᠦᠪᠰᠢᠨ ᠤ | ᠬᠠᠤᠯᠢ ᠴᠠᠭᠠᠵᠠ ᠳᠦᠷᠢᠮ ᠲᠣᠭᠲᠠᠭᠠᠯ ᠪᠠ ᠪᠠᠷᠢᠮᠵᠢᠶ᠎ᠠ ᠶᠢ ᠰᠠᠶᠢᠲᠤᠷ ᠡᠵᠡᠮᠰᠢᠵᠦ᠂ ᠠᠵᠤ ᠠᠬᠤᠶᠢᠯᠠᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ᠃ | ᠣᠨᠴᠠᠭᠠᠢ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠨᠢ | ᠦᠢᠯᠡᠳᠪᠦᠷᠢᠯᠡᠯ ᠤᠨ ᠶᠠᠪᠤᠴᠠ ᠳᠠᠬᠢ ᠵᠠᠩᠭᠢᠯᠠᠭ᠎ᠠ ᠶᠢᠨ ᠲᠦᠭᠰᠢᠭᠦᠷᠢ ᠶᠢᠨ ᠴᠡᠭ ᠪᠣᠯᠣᠨ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠣᠶᠢᠯᠠᠭᠠᠵᠤ᠂ ᠲᠤᠰ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ | ᠬᠠᠮᠢᠶᠠᠷᠤᠯᠲᠠ ᠶᠢᠨ ᠳᠦᠷᠢᠮ᠂ ᠲᠤᠰ ᠠᠵᠤ ᠠᠬᠤᠶᠢᠯᠠᠯ ᠯᠤᠭ᠎ᠠ ᠬᠤᠯᠪᠣᠭᠳᠠᠬᠤ ᠬᠠᠤᠯᠢ ᠶᠢᠨ ᠬᠠᠷᠢᠭᠤᠴᠠᠯᠭ᠎ᠠ ᠪᠣᠯᠣᠨ | ᠰᠢᠢᠳᠬᠡᠨ ᠲᠣᠷᠭᠠᠬᠤ ᠲᠣᠭᠲᠠᠭᠠᠯ ᠵᠢᠴᠢ ᠢᠳᠡᠭᠡᠨ ᠤ ᠠᠮᠤᠷ ᠲᠦᠪᠰᠢᠨ ᠤ ᠰᠠᠭᠤᠷᠢ ᠮᠡᠳᠡᠯᠭᠡ ᠵᠡᠷᠭᠡ ᠠᠭᠤᠯᠭ᠎ᠠ ᠶᠢ | ᠡᠵᠡᠮᠰᠢᠬᠦ ᠬᠡᠷᠡᠭᠲᠡᠢ᠃ ᠣᠨᠴᠠᠭᠠᠢ ᠢᠳᠡᠭᠡᠨ ᠡᠵᠡᠩᠨᠡᠬᠦ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠨᠢ ᠲᠤᠰ | ᠠᠵᠤ ᠠᠬᠤᠶᠢᠯᠠᠯ ᠤᠨ ᠡᠵᠡᠩᠨᠡᠵᠦ ᠪᠠᠶᠢᠭ᠎ᠠ ᠣᠨᠴᠠᠭᠠᠢ ᠢᠳᠡᠭᠡᠨ ᠤ ᠳᠠᠩᠰᠠᠯᠠᠨ ᠲᠡᠮᠳᠡᠭᠯᠡᠭᠰᠡᠨ ᠪᠠᠶᠢᠳᠠᠯ᠂ ᠣᠨᠴᠠᠭᠠᠢ | ᠢᠳᠡᠭᠡᠨ ᠢ ᠪᠣᠷᠣᠯᠠᠭᠤᠯᠬᠤ ᠣᠨᠴᠠᠭᠠᠢ ᠱᠠᠭᠠᠷᠳᠠᠯᠭ᠎ᠠ ᠵᠢᠴᠢ ᠪᠠᠷᠠᠭ᠎ᠠ ᠣᠷᠣᠭᠤᠯᠬᠤ᠂ ᠬᠤᠳᠠᠯᠳᠤᠬᠤ᠂ ᠬᠠᠳᠠᠭᠠᠯᠠᠬᠤ᠂ | ᠲᠡᠭᠡᠭᠡᠪᠦᠷᠢᠯᠡᠬᠦ ᠵᠡᠷᠭᠡ ᠡᠵᠡᠩᠨᠡᠯᠲᠡ ᠶᠢᠨ ᠶᠠᠪᠤᠴᠠ ᠳᠠᠬᠢ ᠵᠠᠩᠭᠢᠯᠠᠭ᠎ᠠ ᠶᠢᠨ ᠲᠦᠭᠰᠢᠭᠦᠷᠢ ᠶᠢᠨ ᠴᠡᠭ ᠪᠣᠯᠣᠨ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠣᠳᠣᠷᠬᠠᠢ ᠣᠶᠢᠯᠠᠭᠠᠬᠤ ᠬᠡᠷᠡᠭᠲᠡᠢ᠃ | | | |