ᠪᠦᠭᠦ ᠳᠡᠯᠡᠬᠡᠢ ᠶᠢᠨ ᠠᠩᠬᠠᠳᠠᠭᠴᠢ 5.5 G ᠶᠢᠨ ᠣᠶᠤᠨᠲᠤ ᠭᠤᠣᠯ ᠰᠦᠯᠵᠢᠶ᠎ᠡ ᠶᠢᠨ ᠰᠢᠢᠳᠪᠦᠷᠢᠯᠡᠬᠦ ᠲᠥᠰᠥᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2024/3/1
     ᠮᠠᠨ ᠤ ᠤᠯᠤᠰ ᠤᠨ ᠬᠤᠸᠠ ᠸᠧᠢ ᠺᠤᠮᠫᠠᠨᠢ ᠶᠢᠨ ᠰᠤᠳᠤᠯᠤᠨ ᠨᠡᠭᠡᠭᠡᠭᠰᠡᠨ ᠪᠦᠭᠦ ᠳᠡᠯᠡᠬᠡᠢ ᠶᠢᠨ ᠠᠩᠬᠠᠳᠠᠭᠴᠢ 5.5 G ᠶᠢᠨ ᠣᠶᠤᠨᠲᠤ ᠭᠤᠣᠯ ᠰᠦᠯᠵᠢᠶ᠎ᠡ ᠶᠢ ᠰᠢᠢᠳᠪᠦᠷᠢᠯᠡᠬᠦ ᠲᠥᠰᠥᠯ ᠢ ᠣᠶᠢᠷ᠎ᠠ ᠳᠤ ᠵᠢᠩᠬᠢᠨᠢ ᠪᠠᠷ ᠨᠡᠶᠢᠲᠡᠯᠡᠪᠡ᠃      5.5 G ᠶᠢ ᠪᠠᠰᠠ 5G-A ᠭᠡᠳᠡᠭ᠂ ᠲᠡᠷᠡ ᠨᠢ 5G ᠪᠣᠯᠣᠨ 6G ᠶᠢᠨ ᠬᠤᠭᠤᠷᠣᠨᠳᠣᠭᠢ ᠰᠢᠯᠵᠢᠯᠲᠡ ᠶᠢᠨ ᠱᠠᠲᠤᠨ ᠳᠠᠬᠢ ᠰᠢᠯᠵᠢᠮᠡᠯ ᠮᠡᠳᠡᠭᠡ ᠬᠤᠯᠪᠣᠭᠠᠨ ᠤ ᠮᠡᠷᠭᠡᠵᠢᠯ ᠪᠣᠯᠣᠨ᠎ᠠ᠃ 5G ᠲᠠᠢ ᠬᠠᠷᠢᠴᠠᠭᠤᠯᠪᠠᠯ᠂ 5.5 G ᠨᠢ ᠬᠤᠯᠪᠣᠯᠲᠠ ᠶᠢᠨ ᠬᠤᠷᠳᠤᠴᠠ᠂ ᠴᠠᠭ ᠤᠨ ᠤᠷᠲᠤᠳᠬᠠᠯ᠂ ᠪᠠᠶᠢᠷᠢ ᠲᠣᠭᠲᠠᠭᠠᠯᠲᠠ᠂ ᠨᠠᠶᠢᠳᠠᠪᠤᠷᠢᠲᠤ ᠴᠢᠨᠠᠷ ᠵᠡᠷᠭᠡ ᠲᠠᠯ᠎ᠠ ᠪᠠᠷ ᠠᠷᠪᠠᠨ ᠳᠠᠭᠢᠨ ᠣᠷᠴᠢᠮ ᠳᠡᠭᠡᠭᠰᠢᠯᠡᠵᠦ ᠳᠡᠶᠢᠯᠭᠦ ᠪᠥᠭᠡᠳ ᠪᠠᠰᠠ ᠮᠢᠯᠢᠰᠸᠺᠦ᠋ᠨ᠋ᠳ᠋ ᠲᠠᠰ ᠤᠨ ᠴᠠᠭ ᠤᠨ ᠤᠷᠲᠤᠳᠬᠠᠯ ᠪᠠ ᠳᠣᠣᠷ᠎ᠠ ᠥᠪᠡᠷ ᠤᠨ ᠥᠷᠲᠡᠭ ᠪᠦᠬᠦᠢ ᠮᠢᠩᠭᠠᠨ ᠳ᠋ᠦᠩᠰᠢᠭᠤᠷ ᠲᠥᠭᠦᠷᠢᠭ ᠤᠨ ᠪᠣᠳᠠᠰ ᠤᠨ ᠬᠤᠯᠪᠤᠭ᠎ᠠ ᠶᠢ ᠪᠡᠶᠡᠯᠡᠭᠦᠯᠬᠦ ᠪᠣᠯᠣᠮᠵᠢ ᠲᠠᠢ ᠶᠤᠮ᠃      ᠣᠳᠣᠬᠠᠨ ᠳᠤ᠂ ᠡᠨᠡ ᠬᠦ ᠲᠥᠰᠥᠯ ᠨᠢ ᠨᠢᠭᠡᠨᠲᠡ 5.5 G ᠶᠢᠨ ᠪᠦᠭᠦ ᠴᠢᠳᠠᠮᠵᠢ ᠶᠢᠨ ᠰᠢᠯᠭᠠᠯᠲᠠ ᠵᠢᠴᠢ ᠮᠡᠷᠭᠡᠵᠢᠯ ᠤᠨ ᠴᠢᠳᠠᠮᠵᠢ ᠶᠢᠨ ᠰᠢᠯᠭᠠᠯᠲᠠ ᠶᠢ ᠪᠡᠶᠡᠯᠡᠭᠦᠯᠦᠭᠰᠡᠨ ᠪᠠᠶᠢᠨ᠎ᠠ᠃ ᠡᠭᠦᠨ ᠳᠤ᠂ ᠤᠲᠠᠰᠤ ᠨᠡᠪᠲᠡᠷᠡᠯᠭᠡ ᠶᠢᠨ ᠰᠢᠨ᠎ᠡ ᠮᠡᠷᠭᠡᠵᠢᠯ ᠨᠢ ᠬᠤᠸᠠ ᠸᠧᠢ ᠶᠢᠨ 5.5 G ᠶᠢᠨ ᠣᠶᠤᠨᠲᠤ ᠭᠤᠣᠯ ᠰᠦᠯᠵᠢᠶ᠎ᠡ ᠶᠢᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠤ ᠬᠤᠪᠢ ᠳᠤ᠂ ᠮᠠᠨ ᠤ ᠤᠯᠤᠰ ᠤᠨ 31 ᠮᠤᠵᠢ ᠣᠷᠣᠨ ᠳᠤ ᠨᠢᠭᠡᠨᠲᠡ ᠪᠠᠶᠢᠷᠢᠯᠠᠭᠤᠯᠵᠤ᠂ ᠵᠢᠱᠢᠯᠲᠡ ᠪᠠᠷ 5000 ᠲᠦᠮᠡᠨ ᠬᠡᠷᠡᠭᠯᠡᠭᠴᠢ ᠶᠢ ᠲᠤᠯᠭᠠᠭᠤᠷᠢᠯᠠᠵᠤ ᠳᠡᠶᠢᠯᠭᠦ ᠪᠣᠯᠣᠨ᠎ᠠ᠃ ᠡᠭᠦᠨ ᠠᠴᠠ ᠭᠠᠳᠠᠨ᠎ᠠ᠂ ᠡᠨᠡ ᠬᠦ ᠮᠡᠷᠭᠡᠵᠢᠯ ᠢ ᠴᠦ ᠡᠸᠦ᠋ᠷᠦᠫᠡ ᠲᠢᠪ᠂ ᠯᠠᠲ᠋ᠢᠨ ᠠᠮᠧᠷᠢᠺᠠ ᠲᠢᠪ᠂ ᠳᠤᠮᠳᠠᠳᠤ ᠳᠣᠷᠣᠨᠠᠲᠤ ᠪᠣᠯᠣᠨ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠵᠡᠷᠭᠡ ᠣᠯᠠᠨ ᠭᠠᠵᠠᠷ ᠣᠷᠣᠨ ᠳᠤ ᠥᠷᠭᠡᠨ ᠢᠶᠠᠷ ᠰᠢᠯᠭᠠᠨ ᠪᠠᠲᠤᠯᠠᠭᠰᠠᠨ ᠪᠥᠭᠡᠳ 2024 ᠣᠨ ᠳᠤ ᠵᠢᠩᠬᠢᠨᠢ ᠪᠠᠷ ᠬᠤᠳᠠᠯᠳᠤᠭᠠᠨ ᠳᠤ ᠬᠡᠷᠡᠭᠯᠡᠬᠦ ᠪᠠᠷ ᠲᠥᠯᠥᠪᠯᠡᠵᠦ ᠪᠤᠶ᠃      ᠡᠭᠦᠨ ᠠᠴᠠ ᠭᠠᠳᠠᠨ᠎ᠠ᠂ ᠬᠤᠸᠠ ᠸᠧᠢ ᠪᠠᠰᠠ ᠮᠡᠳᠡᠭᠡ ᠬᠤᠯᠪᠣᠭᠠᠨ ᠤ AI ᠲᠣᠮᠣ ᠵᠠᠭᠪᠤᠷ   ᠢ ᠭᠠᠷᠭᠠᠵᠤ᠂ ᠦᠭᠡ ᠬᠡᠯᠡᠨ ᠤ ᠰᠣᠯᠢᠯᠴᠠᠭᠠᠨ ᠤ ᠭᠡᠯᠪᠡᠷᠢ ᠪᠠᠷ ᠠᠳᠠᠯᠢ ᠪᠤᠰᠤ ᠳᠦᠷᠢ ᠳᠤ ᠬᠠᠨᠳᠤᠭᠤᠯᠤᠨ᠂ ᠣᠶᠤᠨᠴᠢ ᠦᠭᠡ ᠬᠡᠯᠡᠨ ᠤ ᠰᠣᠯᠢᠯᠴᠠᠭᠠᠨ ᠤ ᠴᠢᠳᠠᠪᠤᠷᠢ ᠶᠢ ᠬᠠᠩᠭᠠᠵᠤ᠂ ᠠᠵᠢᠯᠲᠠᠨ ᠤ ᠮᠡᠳᠡᠯᠭᠡ ᠶᠢᠨ ᠬᠢᠷᠢ ᠲᠦᠪᠰᠢᠨ ᠪᠠ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠪᠣᠯᠣᠨ᠎ᠠ᠃ ᠪᠠᠰᠠ ᠨᠠᠷᠢᠯᠢᠭ ᠣᠨᠣᠴᠠᠲᠠᠢ ᠰᠦᠯᠵᠢᠶᠡᠨ ᠤ ᠪᠠᠶᠢᠳᠠᠯ᠂ ᠰᠠᠭᠠᠳ ᠤᠨ ᠰᠢᠯᠲᠠᠭᠠᠨ᠂ ᠰᠢᠢᠳᠪᠦᠷᠢᠯᠡᠬᠦ ᠰᠠᠨᠠᠭᠤᠯᠭ᠎ᠠ ᠵᠡᠷᠭᠡ ᠮᠡᠳᠡᠭᠡ ᠵᠠᠩᠭᠢ ᠶᠢ ᠬᠠᠩᠭᠠᠵᠤ᠂ ᠰᠠᠭᠠᠳ ᠢ ᠰᠢᠢᠳᠪᠦᠷᠢᠯᠡᠬᠦ ᠴᠠᠭ ᠢ ᠬᠠᠪᠰᠤᠷᠤᠨ ᠪᠠᠭᠤᠷᠠᠭᠤᠯᠵᠤ᠂ ᠠᠵᠢᠯ ᠲᠥᠷᠥᠯ ᠤᠨ ᠳᠣᠲᠣᠭᠠᠳᠤ ᠳᠤ ᠢᠯᠡᠷᠡᠭᠰᠡᠨ ︽ᠰᠦᠯᠵᠢᠶ᠎ᠡ ᠳᠠᠮᠫᠤᠷᠠᠬᠤ︾ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号