ᠦᠴᠦᠸᠠᠨ ᠰᠢᠶᠠᠨ᠄ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠬᠠᠶᠢᠷ᠎ᠠ ᠬᠠᠯᠠᠮᠵᠢ ᠶᠢᠨ ᠬᠦᠴᠦᠨ ᠴᠢᠳᠠᠯ ᠢ ᠳᠠᠮᠵᠢᠭᠤᠯᠤᠨ᠎ᠠ
ᠨᠡᠶᠢᠲᠡᠯᠡᠭᠰᠡᠨ ᠴᠠᠭ᠄
2024/3/11
     ᠡᠨᠡ ᠵᠢᠯ ᠤᠨ 3 ᠰᠠᠷ᠎ᠠ ᠶᠢᠨ 5 ᠤ ᠡᠳᠦᠷ ᠪᠣᠯ 61 ᠳ᠋ᠦ᠋ᠭᠡᠷ ︽ᠯᠧᠢ ᠹᠧᠩ ᠠᠴᠠ ᠰᠣᠷᠣᠯᠴᠠᠬᠤ ᠳᠤᠷᠠᠰᠬᠠᠯ ᠤᠨ ᠡᠳᠦᠷ︾ ᠪᠣᠯᠣᠨ᠎ᠠ᠂ ᠲᠤᠰ ᠡᠳᠦᠷ ᠤᠨ ᠦᠳᠡ ᠶᠢᠨ ᠡᠮᠦᠨ᠎ᠡ ᠦᠴᠦᠸᠠᠨ ᠰᠢᠶᠠᠨ ᠤ ᠰᠢᠨ ᠰᠢ ᠵᠢᠶᠧ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠪᠣᠯᠣᠨ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ︽ᠯᠧᠢ ᠹᠧᠩ ᠠᠴᠠ ᠰᠤᠷᠤᠯᠴᠠᠬᠤ︾ ᠭᠤᠣᠯ ᠰᠡᠳᠦᠪᠲᠦ ᠠᠵᠢᠯᠯᠠᠭ᠎ᠠ ᠶᠢ ᠵᠡᠷᠭᠡᠪᠡᠷ ᠥᠷᠨᠢᠭᠦᠯᠪᠡ᠃      ᠰᠢᠨ ᠰᠢ ᠵᠢᠶᠧ ᠨᠡᠶᠢᠭᠡᠮ ᠲᠣᠭᠤᠷᠢᠭ ᠲᠤ᠂ ᠰᠢᠶᠠᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠠᠵᠢᠯᠲᠠᠳ ᠲᠤᠬᠠᠢ ᠶᠢᠨ ᠲᠠᠯᠠᠪᠤᠷ ᠲᠤ ᠲᠠᠶᠢᠯᠤᠮᠵᠢ ᠬᠢᠬᠦ ᠠᠷᠭ᠎ᠠ ᠮᠠᠶ᠋ᠢᠭ ᠢᠶᠠᠷ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠮᠡᠬᠡᠯᠡᠯ ᠢ ᠡᠰᠡᠷᠭᠦᠴᠡᠬᠦ ᠪᠠ ᠮᠡᠬᠡᠯᠡᠯ ᠢ ᠰᠡᠷᠭᠡᠶᠢᠯᠡᠬᠦ ᠮᠥᠩᠭᠦᠨ ᠭᠦᠢᠯᠭᠡᠭᠡᠨ ᠤ ᠮᠡᠳᠡᠯᠭᠡ ᠶᠢᠨ ᠤᠬᠠᠭᠤᠯᠭ᠎ᠠ ᠬᠢᠵᠡᠢ᠃ ᠵᠠᠯᠭ᠎ᠠ ᠵᠠᠯᠭ᠎ᠠ ᠪᠠᠷ ᠭᠠᠷᠴᠤ ᠪᠠᠶᠢᠭ᠎ᠠ ᠰᠢᠨ᠎ᠡ ᠬᠡᠯᠪᠡᠷᠢ ᠶᠢᠨ ᠮᠡᠬᠡᠯᠡᠬᠦ ᠠᠷᠭ᠎ᠠ ᠪᠠᠷᠢᠯ ᠪᠠ ᠰᠡᠷᠭᠡᠶᠢᠯᠡᠬᠦ ᠤᠷ᠎ᠠ ᠮᠡᠷᠭᠡᠵᠢᠯ ᠢ ᠥᠷᠭᠡᠨ ᠤᠯᠠᠨ ᠲᠦᠮᠡᠨ ᠳᠤ ᠬᠦᠯᠢᠴᠡᠩᠭᠦᠢ ᠪᠠᠷ ᠮᠡᠳᠡᠭᠳᠡᠬᠦ ᠶᠢᠨ ᠬᠠᠮᠲᠤ ᠳᠡᠷᠭᠡᠳᠡᠬᠢ ᠦᠨᠡᠨ ᠪᠣᠳᠠᠲᠠᠢ ᠬᠡᠷᠡᠭ ᠤᠨ ᠵᠢᠱᠢᠶ᠎ᠡ ᠲᠠᠢ ᠪᠠᠨ ᠤᠶᠠᠯᠳᠤᠭᠤᠯᠵᠤ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ᠂ ᠲᠦᠷᠦᠯ ᠰᠠᠳᠤᠨ ᠰᠠᠶᠢᠨ ᠨᠠᠶᠢᠵᠠ ᠶᠢ ᠬᠠᠭᠤᠷᠮᠠᠭ ᠢᠶᠠᠷ ᠣᠷᠣᠯᠠᠨ  ᠮᠡᠬᠡᠯᠡᠬᠦ᠂ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠬᠤ ᠪᠠ ᠦᠢᠯᠡᠴᠢᠯᠡᠭᠡᠨ ᠤ ᠲᠠᠯ᠎ᠠ ᠪᠠᠷ ᠬᠠᠭᠤᠷᠮᠠᠭᠯᠠᠨ ᠮᠡᠬᠡᠯᠡᠬᠦ᠂ ᠬᠠᠭᠤᠷᠮᠠᠭ ᠢᠶᠠᠷ ᠬᠤᠳᠠᠯᠳᠤᠵᠤ ᠢᠲᠡᠭᠡᠮᠵᠢ  ᠣᠯᠣᠨ ᠮᠡᠬᠡᠯᠡᠬᠦ᠂ ᠣᠷᠤᠭ ᠢᠨᠠᠭᠯᠠᠯ ᠪᠡᠯᠡ ᠣᠷᠤᠭᠤᠯᠤᠯᠲᠠ ᠶᠢᠨ ᠵᠦᠢᠯ ᠤᠨ ᠮᠡᠬᠡᠯᠡᠯ ᠢ ᠬᠡᠷᠬᠢᠨ ᠲᠦᠷᠭᠡᠨ ᠢᠯᠭᠠᠨ ᠲᠠᠨᠢᠬᠤ ᠵᠡᠷᠭᠡ ᠠᠷᠭ᠎ᠠ ᠬᠡᠯᠪᠡᠷᠢ ᠶᠢ ᠲᠠᠶᠢᠯᠪᠤᠷᠢᠯᠠᠪᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠢᠯᠡᠳᠦᠯ ᠢ ᠦᠨᠡᠨ ᠬᠦ ᠪᠦᠲᠦᠮᠵᠢᠲᠡᠶ ᠪᠠᠷ ᠪᠠᠳᠠᠷᠠᠭᠤᠯᠵᠤ᠂ ᠬᠡᠪ ᠤᠨ ᠮᠥᠩᠭᠦᠨ ᠭᠦᠢᠯᠭᠡᠭᠡᠨ ᠤ ᠡᠮᠬᠢ ᠵᠢᠷᠤᠮ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠵᠤ᠂ ᠥᠷᠭᠡᠨ ᠤᠯᠠᠨ ᠠᠷᠠᠳ ᠲᠦᠮᠡᠨ ᠤ ᠠᠮᠢ ᠪᠡᠶ᠎ᠡ ᠶᠢᠨ ᠡᠷᠬᠡ ᠠᠰᠢᠭ ᠢ ᠬᠠᠮᠠᠭᠠᠯᠠᠨ᠎ᠠ᠃
     ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠨᠢ ᠰᠢᠶᠠᠨ ᠤ ᠡᠮᠡᠭᠲᠡᠶᠢᠴᠦᠳ ᠤᠨ ᠬᠤᠯᠪᠣᠭ᠎ᠠ᠂ ᠰᠢᠶᠠᠨ ᠤ ᠬᠠᠮ ᠵᠠᠭᠤᠴᠢᠯᠠᠭᠤᠷ ᠤᠨ ᠲᠥᠪ ᠪᠣᠯᠣᠨ ᠰᠢᠶᠠᠨ ᠤ ᠶᠡᠭᠡ ᠬᠠᠶᠢᠷ᠎ᠠ ᠬᠢᠵᠠᠭᠠᠷ ᠦᠭᠡᠢ ᠨᠡᠶᠢᠲᠡ ᠶᠢᠨ ᠠᠰᠠᠷᠠᠮᠵᠢ ᠶᠢᠨ ᠨᠡᠶᠢᠭᠡᠮᠯᠢᠭ ᠲᠠᠢ ᠬᠠᠮᠲᠤᠷᠠᠨ ︽ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠮᠡᠭᠲᠡᠶᠢᠴᠦᠳ ᠤᠨ ᠴᠤᠭ ᠵᠢᠪᠬᠤᠭ᠎ᠠ ᠶᠢ ᠢᠯᠡᠷᠡᠭᠦᠯᠬᠦ︾ ᠪᠠᠷ ᠭᠤᠣᠯ ᠰᠡᠳᠦᠪ ᠪᠣᠯᠭᠠᠭᠰᠠᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠥᠷᠭᠡᠨ ᠤᠯᠠᠨ ᠰᠠᠶᠢᠨ ᠳᠤᠷ᠎ᠠ ᠶᠢᠨ ᠦᠢᠯᠡᠴᠢᠯᠡᠭᠴᠢᠳ ᠢ ᠳᠠᠶᠢᠴᠢᠯᠠᠨ ᠬᠠᠶᠢᠷ᠎ᠠ ᠰᠡᠳᠬᠢᠯᠭᠡ ᠪᠠᠨ ᠡᠷᠭᠦᠵᠦ᠂ ᠨᠡᠶᠢᠭᠡᠮ ᠳᠤ ᠦᠢᠯᠡᠴᠢᠯᠡᠵᠦ᠂ ᠯᠧᠢ ᠹᠧᠩ ᠤᠨ ︽ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ︾ ᠰᠠᠶᠢᠨ ᠳᠤᠷ᠎ᠠ ᠶᠢᠨ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠪᠠ᠃ ᠠᠵᠢᠯᠯᠠᠭ᠎ᠠ ᠶᠢᠨ ᠳᠤᠮᠳᠠ᠂ ᠮᠠᠨ ᠤ ᠰᠢᠶᠠᠨ ᠤ 2023 ᠣᠨ ᠤ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠢᠯᠢᠳᠡᠭ ᠰᠠᠶᠢᠨ ᠳᠤᠷ᠎ᠠ ᠶᠢᠨ ᠠᠵᠢᠯᠯᠠᠭᠴᠢ︾ ᠳᠤ ᠢᠷᠠᠭᠤ ᠠᠯᠳᠠᠷ ᠤᠨ ᠦᠨᠡᠮᠯᠡᠯ ᠪᠠ ᠳᠤᠷᠠᠰᠬᠠᠯ ᠤᠨ ᠡᠳ᠋ ᠣᠯᠭᠤᠵᠤ᠂ ᠥᠷᠭᠡᠨ ᠣᠯᠠᠨ ᠰᠠᠶᠢᠨ ᠳᠤᠷ᠎ᠠ ᠶᠢᠨ ᠠᠵᠢᠯᠯᠠᠭᠴᠢ ᠶᠢ ᠬᠥᠲᠥᠯᠥᠨ ᠳᠠᠭᠠᠭᠤᠯᠵᠤ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠵᠤ᠂ ︽ᠬᠤᠪᠢ ᠨᠡᠮᠡᠷᠢ ᠦᠵᠡᠭᠦᠯᠬᠦ᠂ ᠨᠥᠬᠦᠷᠰᠡᠭ ᠪᠠᠶᠢᠬᠤ᠂ ᠬᠠᠷᠢᠯᠴᠠᠨ ᠬᠠᠪᠰᠤᠷᠤᠯᠴᠠᠬᠤ᠂ ᠳᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠪᠠ᠃ ᠶᠣᠰᠣᠯᠠᠯ ᠶᠠᠪᠤᠭᠤᠯᠤᠭᠰᠠᠨ ᠤ ᠳᠠᠷᠠᠭ᠎ᠠ᠂ ᠰᠢᠯᠢᠳᠡᠭ ᠰᠠᠶᠢᠨ ᠳᠤᠷ᠎ᠠ ᠶᠢᠨ ᠠᠵᠢᠯᠯᠠᠭᠴᠢᠳ ᠲᠣᠰ ᠲᠣᠰ ᠲᠠᠶᠢᠰᠠᠨ ᠳᠤ ᠭᠠᠷᠴᠤ᠂ ᠲᠤᠬᠠᠢ ᠶᠢᠨ ᠲᠠᠯᠠᠪᠤᠷ ᠤᠨ ᠣᠯᠠᠨ ᠲᠦᠮᠡᠨ ᠲᠠᠢ ᠬᠠᠮᠲᠤ ᠪᠠᠷ ᠲᠡᠳᠡᠨ ᠤ ᠪᠤᠰᠤᠳ ᠢ ᠬᠠᠪᠰᠤᠷᠬᠤ ᠳᠤᠷᠠᠲᠠᠢ᠂ ᠭᠤᠶᠠᠴᠢ ᠦᠭᠡᠢ ᠵᠢᠳᠬᠦᠬᠦ ᠳᠤᠷᠠᠲᠠᠢ᠂ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠯᠠᠭᠤᠨ ᠰᠡᠳᠬᠢᠯ ᠲᠠᠢ᠂ ᠰᠠᠶᠢᠨ ᠳᠤᠷ᠎ᠠ ᠶᠢᠨ ᠦᠢᠯᠡᠴᠢᠯᠡᠭᠡ ᠶᠢᠨ ᠰᠡᠳᠬᠢᠯ ᠬᠥᠳᠡᠯᠭᠡᠮ᠎ᠡ ᠥᠯᠢᠭᠡᠷ ᠪᠠ ᠭᠦᠨ ᠭᠦᠨᠵᠡᠭᠡᠢ ᠲᠥᠷᠥᠭᠳᠡᠯ ᠢᠶᠠᠨ ᠬᠤᠪᠢᠶᠠᠯᠴᠠᠪᠠ᠃
     ᠳᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠨᠢ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠤᠯᠠᠨ ᠵᠦᠢᠯ ᠤᠨ ᠬᠡᠯᠪᠡᠷᠢ ᠶᠢᠨ ᠭᠤᠣᠯ ᠰᠡᠳᠦᠪᠲᠦ ᠤᠬᠠᠭᠤᠯᠭ᠎ᠠ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠤᠯᠠᠨ ᠰᠠᠶᠢᠨ ᠳᠤᠷ᠎ᠠ ᠶᠢᠨ ᠠᠵᠢᠯᠯᠠᠭᠴᠢ ᠶᠢ ᠤᠯᠠᠮ ᠨᠢᠭᠡ ᠠᠯᠬᠤᠮ ᠬᠥᠲᠥᠯᠥᠨ ᠵᠢᠯᠤᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠨ ᠰᠠᠶᠢᠬᠠᠨ ᠵᠠᠩ ᠰᠤᠷᠲᠠᠯ ᠤᠨ ᠤᠯᠠᠮᠵᠢᠯᠠᠭᠴᠢ᠂ ᠨᠡᠶᠢᠭᠡᠮ ᠵᠢᠷᠤᠮ ᠤᠨ ᠶᠣᠰᠣ ᠮᠣᠷᠠᠯ ᠤᠨ ᠵᠢᠷᠤᠮᠵᠢᠯ ᠤᠨ ᠦᠢᠯᠡᠳᠦᠯᠭᠡᠵᠢᠭᠦᠯᠦᠭᠴᠢ᠂ ᠪᠣᠯᠪᠠᠰᠤᠨ ᠰᠢᠨ᠎ᠡ ᠰᠤᠷᠲᠠᠯ ᠤᠨ ᠳᠠᠭᠠᠭᠤᠯᠤᠭᠴᠢ ᠪᠣᠯᠭᠠᠵᠤ᠂ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠡᠳᠦᠷ ᠲᠤᠳᠤᠮ ᠤᠨ ᠠᠵᠢᠯ ᠳᠤ ᠠᠭᠤᠰᠬᠠᠵᠤ᠂ ᠪᠠᠶᠢᠩᠭᠤ ᠶᠢᠨ ᠴᠢᠨᠠᠷᠲᠠᠢ ᠪᠣᠯᠭᠠᠵᠤ᠂ ᠯᠧᠢ ᠹᠧᠩ ᠤᠨ ᠵᠣᠷᠢᠭ ᠰᠠᠨᠠᠭ᠎ᠠ ᠶᠢ ᠰᠢᠨ᠎ᠡ ᠴᠠᠭ ᠦᠶ᠎ᠡ ᠳᠤ ᠨᠡᠩ ᠭᠡᠷᠡᠯ ᠰᠠᠴᠤᠷᠠᠩᠭᠤᠢ ᠭᠡᠷᠡᠯ ᠭᠢᠯᠪᠠᠭ᠎ᠠ ᠲᠠᠢ ᠰᠠᠴᠤᠷᠠᠭᠤᠯᠤᠨ᠎ᠠ︕      ᠦᠴᠦᠸᠠᠨ ᠰᠢᠶᠠᠨ ᠤ ᠶᠡᠭᠡ ᠬᠠᠶᠢᠷ᠎ᠠ ᠬᠢᠵᠠᠭᠠᠷ ᠦᠭᠡᠢ ᠨᠡᠶᠢᠲᠡ ᠶᠢᠨ ᠠᠰᠠᠷᠠᠮᠵᠢ ᠶᠢᠨ ᠨᠡᠶᠢᠭᠡᠮᠯᠢᠭ ᠤᠨ ᠳᠠᠷᠤᠭ᠎ᠠ ᠵᠧᠦ ᠯᠢ ᠰᠤᠷᠪᠤᠯᠵᠢᠯᠠᠭᠴᠢ ᠳᠤ ᠬᠡᠯᠡᠭᠰᠡᠨ ᠨᠢ᠄ ︽ᠥᠨᠥᠳᠥᠷ ᠪᠣᠯ ᠪᠦᠬᠦ ᠤᠯᠤᠰ ᠤᠨ 61 ᠳ᠋ᠦ᠋ᠭᠡᠷ ᠯᠧᠢ ᠹᠧᠩ ᠠᠴᠠ ᠰᠤᠷᠤᠯᠴᠠᠬᠤ ᠡᠳᠦᠷ ᠮᠥᠨ᠂ ᠪᠠᠰᠠ ᠴᠤ 25 ᠳ᠋ᠤᠭᠠᠷ ᠳᠤᠮᠳᠠᠳᠤ ᠤᠯᠤᠰ ᠤᠨ ᠵᠠᠯᠠᠭᠤ ᠰᠠᠶᠢᠨ ᠳᠤᠷ᠎ᠠ  ᠶᠢᠨ ᠠᠵᠢᠯᠯᠠᠭᠴᠢ ᠶᠢᠨ ᠡᠳᠦᠷ ᠮᠥᠨ᠂ ᠭᠤᠷᠪᠠᠨ ᠰᠠᠷ᠎ᠠ ᠶᠢᠨ ᠨᠠᠢᠮᠠᠨ ᠤ ᠪᠠᠶᠠᠷ ᠬᠦᠷᠴᠦ ᠢᠷᠡᠬᠦ ᠲᠠᠰᠢᠷᠠᠮ ᠳᠤ᠂ ᠭᠤᠷᠪᠠᠨ ᠴᠢᠬᠤᠯᠠ ᠶᠡᠭᠡ ᠪᠠᠶᠠᠷ ᠤᠨ ᠡᠳᠦᠷ ᠠᠭᠤᠯᠵᠠᠬᠤ ᠲᠠᠰᠢᠷᠠᠮ ᠳᠤ ᠪᠢᠳᠡ ᠰᠢᠨ᠎ᠡ ᠴᠠᠭ ᠦᠶ᠎ᠡ ᠶᠢᠨ ᠯᠧᠢ ᠹᠧᠩ ᠤᠨ ᠵᠣᠷᠢᠭ ᠰᠠᠨᠠᠭ᠎ᠠ ᠶᠢ ᠳᠠᠮᠵᠢᠭᠤᠯᠵᠤ᠂ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠥᠷᠭᠡᠨ ᠤᠯᠠᠨ ᠡᠮᠡᠭᠲᠡᠶᠢᠴᠦᠳ ᠲᠤ ᠪᠠᠶᠠᠷ ᠤᠨ ᠡᠳᠦᠷ ᠤᠨ ᠮᠡᠨᠳᠦ ᠬᠦᠷᠭᠡᠶ᠎ᠡ︾ ᠭᠡᠵᠡᠢ᠃      ᠦᠴᠦᠸᠠᠨ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠡᠷᠬᠢᠯᠡᠭᠴᠢ ᠬᠤ᠋ ᠯᠢ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠯᠧᠢ ᠹᠧᠩ ᠤᠨ ᠰᠠᠶᠢᠨ ᠳᠠᠭᠤᠷᠢᠶᠠᠯ ᠠᠴᠠ ᠰᠤᠷᠤᠯᠴᠠᠵᠤ᠂ ᠬᠤᠪᠢᠰᠬᠠᠯ ᠳᠤ ᠦᠨᠡᠨᠴᠢ ᠨᠠᠮ ᠳᠠᠭᠠᠨ ᠦᠨᠡᠨᠴᠢ ᠰᠢᠳᠤᠷᠭᠤ ᠪᠠᠶᠢᠶ᠎ᠠ ᠭᠡᠬᠦ ᠳᠠᠭᠤᠤ ᠶᠢ ᠪᠢᠳᠡ ᠨᠢᠭᠡᠨᠲᠡ ᠬᠡᠴᠢᠨᠡᠨ ᠤᠳᠠᠭ᠎ᠠ ᠳᠠᠭᠤᠯᠠᠭᠰᠠᠨ ᠢ ᠪᠦᠦ ᠮᠡᠳᠡ᠂ ᠭᠡᠪᠡᠴᠦ ᠠᠯᠢ ᠤᠳᠠᠭ᠎ᠠ ᠳᠠᠭᠤᠯᠠᠭᠰᠠᠨ ᠴᠤ ᠰᠡᠳᠬᠢᠯ ᠳᠣᠲᠣᠷ᠎ᠠ ᠴᠥᠮ ᠴᠢᠩᠭ᠎ᠠ ᠲᠤᠰᠬᠠᠯ ᠭᠠᠷᠤᠨ᠎ᠠ᠂ ᠤᠴᠢᠷ ᠨᠢ ︿ᠯᠧᠢ ᠹᠧᠩ﹀ ᠭᠡᠳᠡᠭ ᠨᠢ ᠠᠯᠢ ᠬᠡᠵᠢᠶᠡᠨᠡᠢ ᠠᠴᠠ ᠳᠥᠭᠦᠮᠬᠡᠨ ᠨᠡᠷ᠎ᠡ ᠪᠢᠰᠢ᠂ ᠬᠠᠷᠢᠨ ᠨᠢᠭᠡ ᠲᠥᠷᠥᠯ ᠤᠨ ᠬᠥᠮᠥᠨ᠂ ᠨᠢᠭᠡ ᠵᠦᠢᠯ ᠤᠨ ᠣᠶᠤᠨ ᠰᠠᠨᠠᠭᠠᠨ ᠤ ᠳᠥᠯᠥᠭᠡᠨ ᠤ ᠨᠡᠷ᠎ᠡ ᠪᠣᠯᠤᠭᠰᠠᠨ ᠶᠤᠮ᠃ ᠯᠧᠢ ᠹᠧᠩ ᠤᠨ ᠵᠣᠷᠢᠭ ᠰᠠᠨᠠᠭ᠎ᠠ ᠪᠣᠯ ᠬᠠᠪᠤᠷ ᠰᠢᠭ᠋ ᠳᠤᠯᠠᠭᠠᠨ᠂ ᠵᠤᠨ ᠰᠢᠭ᠋ ᠭᠠᠯ ᠬᠠᠯᠠᠭᠤᠨ ᠪᠠᠶᠢᠳᠠᠭ᠂ ᠲᠡᠷᠡ ᠪᠣᠯ ᠡᠪᠦᠯ ᠤᠨ ᠳᠤᠯᠠᠭᠠᠨ ᠨᠠᠷᠠ᠂ ᠮᠥᠨ ᠴᠦ ᠬᠦᠢᠲᠡᠨ ᠰᠠᠯᠬᠢᠨ ᠳᠠᠬᠢ ᠭᠠᠯ ᠵᠤᠤᠬ᠎ᠠ ᠮᠥᠨ᠂ ᠯᠧᠢ ᠹᠧᠩ ᠤᠨ ᠵᠣᠷᠢᠭ ᠰᠠᠨᠠᠭ᠎ᠠ ᠨᠢ ᠮᠠᠨ ᠤ ᠦᠶ᠎ᠡ ᠶᠢᠨ ᠬᠥᠮᠥᠰ ᠤᠨ ᠬᠥᠭᠡᠭᠡᠴᠡᠯᠳᠦᠬᠦ ᠬᠠᠷᠠᠯᠲᠠ ᠪᠣᠯᠤᠭᠰᠠᠨ ᠪᠠᠶᠢᠨ᠎ᠠ᠃ ᠬᠦᠴᠢᠷ ᠨᠢ ᠰᠠᠶᠢᠨ ᠶᠠᠪᠤᠳᠠᠯ ᠬᠢᠬᠦ ᠳᠤ ᠪᠠᠶᠢᠬᠤ ᠪᠢᠰᠢ᠂ ᠬᠠᠷᠢᠨ ᠨᠠᠰᠤᠨ ᠲᠤᠷᠰᠢᠲᠠ ᠪᠠᠨ ᠰᠠᠶᠢᠨ ᠶᠠᠪᠤᠳᠠᠯ ᠬᠢᠬᠦ ᠳᠤ ᠪᠠᠶᠢᠨ᠎ᠠ᠂ ᠨᠡᠩ ᠬᠦᠴᠢᠷ ᠨᠢ ᠡᠷᠭᠢᠨ ᠲᠣᠭᠤᠷᠢᠨ ᠤ ᠬᠥᠮᠥᠰ ᠢ ᠨᠥᠯᠥᠭᠡᠯᠡᠨ ᠳᠠᠶᠢᠴᠢᠯᠠᠵᠤ ᠬᠠᠮᠲᠤ ᠪᠠᠷ ᠰᠠᠶᠢᠨ ᠶᠠᠪᠤᠳᠠᠯ ᠬᠢᠬᠦ ᠳᠤ ᠣᠷᠣᠯᠴᠠᠭᠤᠯᠬᠤ ᠶᠠᠪᠤᠳᠠᠯ ᠪᠣᠯᠣᠨ᠎ᠠ᠂ ᠡᠶᠢᠮᠦ ᠠᠴᠠ ᠪᠢᠳᠡ ᠢᠷᠡᠭᠡᠳᠦᠢ ᠶᠢᠨ ᠵᠠᠮ ᠳᠠᠭᠠᠨ ᠡᠯ᠎ᠡ ᠵᠦᠢᠯ ᠤᠨ ᠨᠡᠶᠢᠲᠡ ᠶᠢᠨ ᠠᠰᠠᠷᠠᠮᠵᠢ   ᠶᠢᠨ ᠠᠵᠢᠯᠯᠠᠭ᠎ᠠ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠦᠷᠭᠦᠯᠵᠢᠯᠡᠨ ᠢᠳᠡᠪᠬᠢᠲᠡᠢ ᠣᠷᠣᠯᠴᠠᠵᠤ᠂ ᠥᠪᠡᠷ ᠤᠨ ᠦᠨᠡᠨ ᠪᠣᠳᠠᠲᠠᠢ ᠠᠵᠢᠯᠯᠠᠭ᠎ᠠ ᠪᠠᠷ ᠢᠶᠠᠨ ︿ᠯᠧᠢ ᠹᠧᠩ ᠠᠴᠠ ᠰᠤᠷᠤᠯᠴᠠᠬᠤ﹀ ᠭᠡᠰᠡᠨ ᠭᠤᠷᠪᠠᠨ ᠦᠭᠡ ᠶᠢ ᠦᠢᠯᠡᠳᠦᠯᠭᠡᠵᠢᠭᠦᠯᠦᠨ᠎ᠡ︾ ᠭᠡᠵᠡᠢ᠃ ︵ᠰᠤᠷᠪᠤᠯᠵᠢᠯᠠᠭᠴᠢ᠄ ᠯᠢᠦ ᠪᠠᠢ ᠢᠦᠢ᠂ ᠴᠧᠨ ᠪᠥᠸᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号