ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 5 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 3 ᠳ᠋ᠤᠭᠠᠷ ᠤᠳᠠᠭ᠎ᠠ ᠶᠢᠨ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/11
     3 ᠰᠠᠷ᠎ᠠ ᠶᠢᠨ 5 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 5 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 3 ᠳ᠋ᠤᠭᠠᠷ ᠤᠳᠠᠭ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠪᠣᠯᠣᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠡᠷ᠎ᠡ ᠬᠠᠳᠠᠭᠰᠠᠨ ᠵᠣᠬᠢᠶᠠᠯ ᠢ ᠤᠯᠠᠮᠵᠢᠯᠠᠨ ᠰᠤᠷᠤᠯᠴᠠᠵᠤ᠂ ᠲᠥᠪ ᠤᠨ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾᠂ ︽ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠳᠦᠷᠢᠮ︾᠂ ︽ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠷᠭ᠎ᠠ︾ ᠶᠢ ᠤᠯᠠᠮᠵᠢᠯᠠᠨ ᠰᠤᠷᠤᠯᠴᠠᠵᠤ ᠰᠤᠳᠤᠯᠤᠨ ᠪᠠᠶᠢᠷᠢᠯᠠᠭᠤᠯᠵᠤ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠤᠨ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠰᠢᠨᠡᠴᠢᠯᠡᠯᠲᠡ ᠪᠣᠯᠣᠨ ᠮᠡᠷᠭᠡᠵᠢᠯ ᠤᠨ ᠥᠭᠡᠷᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠵᠤ᠂ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠢᠳᠡᠪᠬᠢᠲᠡᠢ ᠠᠬᠢᠭᠤᠯᠵᠤ᠂ ᠡᠳ᠋ ᠪᠠᠷᠠᠭᠠᠨ ᠤ ᠭᠦᠢᠯᠭᠡᠭᠡᠨ ᠤ ᠥᠪᠡᠷ ᠤᠨ ᠦᠷᠳᠡᠭ᠂ ᠬᠥᠮᠥᠷᠭᠡᠯᠡᠨ ᠬᠠᠳᠠᠭᠠᠯᠠᠬᠤ ᠥᠪᠡᠷ ᠤᠨ ᠦᠷᠳᠡᠭ ᠢ ᠬᠦᠴᠦᠯᠡᠨ ᠪᠠᠭᠤᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠬᠠᠮᠲᠤ ᠡᠯ᠎ᠡ ᠱᠠᠲᠤᠨ ᠤ ᠦᠢᠯᠡᠳᠪᠦᠷᠢᠯᠡᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠤᠯᠠᠨ ᠲᠦᠮᠡᠨ ᠢ ᠥᠷᠭᠡᠨ ᠢᠶᠠᠷ ᠲᠠᠶᠢᠴᠢᠯᠠᠨ ᠣᠷᠣᠯᠴᠠᠭᠤᠯᠬᠤ ᠬᠡᠷᠡᠭᠲᠡᠢ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠬᠤ ᠶᠢ ᠬᠥᠲᠥᠯᠥᠨ ᠵᠢᠯᠤᠭᠤᠳᠴᠤ᠂ ᠦᠨᠳᠦᠰᠦᠨ ᠱᠠᠲᠤᠨ ᠤ ᠤᠨᠤᠯ ᠤᠨ ᠤᠬᠠᠭᠤᠯᠭ᠎ᠠ ᠲᠠᠶᠢᠯᠪᠤᠷᠢᠯᠠᠯᠲᠠ ᠶᠢ ᠥᠷᠨᠢᠭᠦᠯᠵᠦ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠬᠡᠯᠪᠡᠷᠢᠴᠢ ᠦᠵᠡᠯ ᠢ ᠡᠷᠡᠰ ᠡᠰᠡᠷᠭᠦᠴᠡᠵᠦ᠂ ᠪᠣᠳᠠᠲᠠᠢ ᠳᠤ ᠨᠠᠶᠢᠳᠠᠪᠤᠷᠢᠵᠢᠭᠤᠯᠤᠨ ᠦᠢᠯᠡᠴᠢᠯᠡᠬᠦ ᠶᠢ ᠰᠠᠶᠢᠲᠤᠷ ᠬᠢᠬᠦ ᠬᠡᠷᠡᠭᠲᠡᠢ ᠬᠡᠵᠦ ᠴᠢᠬᠤᠯᠠᠴᠢᠯᠠᠪᠠ᠃ ︵ᠰᠤᠷᠪᠤᠯᠵᠢᠯᠠᠭᠴᠢ᠄ ᠵᠤᠤ ᠯᠧ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号