ᠦᠴᠦᠸᠠᠨ ᠰᠢᠶᠠᠨ ᠤ ᠬᠢᠨ ︽ᠬᠥᠬᠡ ᠲᠣᠷᠭᠠᠨ ᠪᠤᠭᠤᠷᠤᠯ ᠦᠰᠦ · ᠠᠯᠪᠠᠨ ᠵᠢᠷᠤᠮ ᠤᠨ ᠦᠰᠦ ᠵᠠᠰᠠᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/11
     3 ᠰᠠᠷ᠎ᠠ ᠶᠢᠨ 8 ᠤ ᠡᠳᠦᠷ᠂ ᠦᠴᠦᠸᠠᠨ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠬᠢᠨ ᠶᠡᠭᠡ ᠬᠢᠵᠠᠭᠠᠷ ᠦᠭᠡᠢ ᠨᠡᠶᠢᠲᠡ ᠶᠢᠨ ᠠᠰᠠᠷᠠᠮᠵᠢ ᠶᠢᠨ ᠨᠡᠶᠢᠭᠡᠮᠯᠢᠭ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ᠂ ᠰᠢᠶᠠᠨ ᠤ ᠡᠪᠯᠡᠯ ᠤᠨ ᠬᠤᠷᠢᠶ᠎ᠠ ᠲᠠᠢ ᠬᠠᠮᠲᠤᠷᠠᠨ ᠦᠰᠦ ᠵᠠᠰᠠᠬᠤ ᠰᠠᠶᠢᠨ ᠳᠤᠷ᠎ᠠ ᠶᠢᠨ ᠠᠵᠢᠯᠯᠠᠭᠴᠢᠳ ᠢ ᠤᠷᠢᠵᠤ ︽ᠬᠥᠬᠡ ᠲᠣᠷᠭᠠᠨ ᠪᠤᠭᠤᠷᠤᠯ ᠦᠰᠦ · ᠠᠯᠪᠠᠨ ᠵᠢᠷᠤᠮ ᠤᠨ ᠦᠰᠦ ᠵᠠᠰᠠᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠦᠴᠦᠸᠠᠨ ᠰᠢᠶᠠᠨ ᠤ ᠶᠢᠨ ᠳ᠋ᠢᠩ ᠵᠧ ᠨᠠᠰᠤᠵᠢᠯ ᠤᠨ ᠠᠰᠠᠷᠠᠮᠵᠢ ᠶᠢᠨ ᠨᠡᠶᠢᠲᠡ ᠶᠢᠨ ᠪᠠᠶᠢᠷᠢ ᠶᠢᠨ ᠨᠠᠰᠤᠲᠠᠶᠢᠴᠤᠳ ᠲᠤ ᠭᠡᠷ ᠤᠨ ᠡᠭᠦᠳᠡᠨ ᠳᠠᠬᠢ ᠦᠰᠦ ᠵᠠᠰᠠᠬᠤ ᠦᠢᠯᠡᠴᠢᠯᠡᠭᠡ ᠬᠠᠩᠭᠠᠪᠠ᠃
     ᠬᠠᠶᠢᠷ᠎ᠠ ᠬᠠᠯᠠᠮᠵᠢ  ᠶᠢᠨ ᠠᠯᠪᠠᠨ ᠵᠢᠷᠤᠮ ᠤᠨ ᠦᠰᠦ ᠵᠠᠰᠠᠬᠤ ᠰᠠᠶᠢᠨ ᠳᠤᠷ᠎ᠠ ᠶᠢᠨ ᠦᠢᠯᠡᠴᠢᠯᠡᠭᠴᠢᠳ ᠨᠠᠰᠤᠲᠠᠶᠢᠴᠤᠳ ᠤᠨ ᠱᠠᠭᠠᠷᠳᠠᠯᠭ᠎ᠠ ᠶᠢ ᠦᠨᠳᠦᠰᠦᠯᠡᠨ ᠦᠰᠦ ᠬᠠᠶᠢᠴᠢᠯᠠᠨ ᠵᠠᠰᠠᠬᠤ ᠶᠢᠨ ᠳᠠᠭᠠᠤ ᠲᠡᠳᠡᠨ ᠲᠠᠢ ᠵᠣᠭᠤᠭ ᠳᠡᠯᠭᠡᠵᠦ᠂ ᠬᠡᠰᠡᠭ ᠬᠡᠰᠡᠭ ︽ᠲᠣᠷᠳ᠋ ᠲᠣᠷᠳ᠋︾ ᠭᠡᠰᠡᠨ ᠴᠡᠭᠡᠯᠬᠡᠨ ᠳᠠᠭᠤᠨ ᠢ ᠳᠠᠭᠠᠯᠳᠤᠨ ᠴᠡᠪᠡᠷ ᠰᠠᠶᠢᠬᠠᠨ ᠭᠡᠵᠢᠭᠡᠨ ᠤ ᠬᠡᠯᠪᠡᠷᠢ ᠤᠯᠠᠨ ᠤ ᠨᠢᠳᠦᠨ ᠳᠤ ᠢᠯᠡᠷᠡᠭᠡᠳ᠂ ᠨᠠᠰᠤᠲᠠᠶᠢᠴᠤᠳ ᠤᠨ ᠥᠩᠭᠡ ᠵᠢᠰᠦ ᠨᠢ ᠭᠡᠷᠡᠯ ᠭᠢᠯᠪᠠᠭ᠎ᠠ ᠪᠠᠨ ᠰᠠᠴᠤᠷᠠᠭᠤᠯᠤᠨ᠂ ᠴᠢᠷᠠᠢ ᠳᠤᠨᠢ ᠬᠠᠨᠤᠮᠵᠢᠲᠠᠶ ᠢᠨᠢᠶᠡᠮᠰᠦᠭᠯᠡᠯ ᠪᠢᠯᠬᠠᠨ᠎ᠠ᠃
     ᠭᠡᠷ ᠲᠤᠨᠢ ᠬᠦᠷᠴᠦ ᠠᠯᠪᠠᠨ ᠵᠢᠷᠤᠮ ᠤᠨ ᠦᠰᠦ ᠵᠠᠰᠠᠬᠤ ᠦᠢᠯᠡᠴᠢᠯᠡᠭᠡ ᠶᠢ ᠥᠷᠨᠢᠭᠦᠯᠬᠦ ᠳᠤ᠂ ᠨᠠᠰᠤᠲᠠᠶᠢᠴᠤᠳ ᠢ ᠬᠠᠪᠰᠤᠷᠤᠨ ᠦᠰᠦ ᠵᠠᠰᠠᠬᠤ ᠠᠴᠠ ᠭᠠᠳᠠᠨ᠎ᠠ᠂ ᠪᠠᠰᠠ ᠲᠡᠳᠡᠨ ᠲᠠᠢ ︽ᠵᠣᠭᠤᠭᠳᠠᠬᠤ︾ ᠪᠠᠷ ᠳᠠᠮᠵᠢᠭᠤᠯᠤᠨ᠂ ᠨᠠᠰᠤᠲᠠᠶᠢᠴᠤᠳ ᠤᠨ ᠠᠮᠢᠳᠤᠷᠠᠯ ᠳᠤ ᠢᠯᠡᠭᠦᠦ ᠨᠢᠭᠡ ᠬᠤᠪᠢ ᠪᠤᠰᠤᠳ ᠲᠠᠢ ᠬᠠᠷᠢᠯᠴᠠᠵᠤ᠂ ᠬᠥᠮᠥᠰ ᠤᠨ ᠠᠩᠬᠠᠷᠤᠯ ᠢ ᠲᠠᠲᠠᠭᠰᠠᠨ ᠠᠮᠢᠳᠤᠷᠠᠯ ᠤᠨ ᠠᠭᠤᠷ ᠠᠮᠢᠰᠬᠤᠯ ᠢ ᠨᠡᠮᠡᠭᠳᠡᠭᠦᠯᠵᠦ᠂ ᠲᠡᠳᠡᠨ ᠤ ᠰᠡᠳᠬᠢᠯ ᠳᠠᠬᠢ ︽ᠮᠠᠷᠲᠠᠭᠳᠠᠬᠤ ᠰᠡᠳᠬᠢᠯᠭᠡ︾ ᠶᠢ ᠪᠠᠭᠠᠰᠬᠠᠪᠠ᠃
     ᠰᠠᠶᠢᠨ ᠳᠤᠷ᠎ᠠ ᠶᠢᠨ ᠦᠢᠯᠡᠴᠢᠯᠡᠭᠴᠢᠳ ᠵᠢᠵᠢᠭᠬᠡᠨ ᠪᠠᠭᠠᠵᠢ ᠶᠢᠨ ᠬᠠᠶᠢᠷᠴᠠᠭ ᠢᠶᠠᠨ ᠪᠠᠷᠢᠵᠤ᠂ ᠨᠠᠰᠤᠵᠢᠯ ᠤᠨ ᠠᠰᠠᠷᠠᠮᠵᠢ ᠶᠢᠨ ᠣᠷᠣᠨ ᠰᠠᠭᠤᠴᠠ ᠳᠤ ᠣᠷᠣᠵᠤ᠂ ᠦᠨᠡᠨ ᠰᠡᠳᠬᠢᠯ ᠪᠠ ᠬᠠᠯᠠᠭᠤᠨ ᠰᠡᠳᠬᠢᠯᠭᠡ ᠪᠠᠨ ᠡᠪᠦᠷᠯᠡᠨ᠂ ᠳᠣᠭᠳᠣᠯᠤᠯ ᠪᠠ ᠢᠨᠢᠶᠡᠳᠦ ᠦᠯᠡᠳᠡᠭᠡᠵᠦ᠂ ᠣᠬᠤᠷᠬᠠᠨ ᠪᠣᠯᠪᠠᠴᠤ ᠳᠤᠯᠠᠭᠠᠬᠠᠨ᠂ ᠬᠤᠪᠣᠷ ᠨᠠᠨᠳᠢᠨ ᠡᠷᠭᠢᠴᠡᠭᠦᠯᠦᠯ ᠦᠯᠡᠳᠡᠭᠡᠪᠡ᠃ ︵ᠰᠤᠷᠪᠤᠯᠵᠢᠯᠠᠭᠴᠢ᠄ ᠶᠢᠨ ᠫᠢᠩ ᠭᠦᠩ ᠨᠠᠨ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号