ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠡᠨᠡ ᠡᠳᠦᠷ ᠲᠡᠭᠦᠰᠦᠨ᠎ᠡ
ᠨᠡᠶᠢᠲᠡᠯᠡᠭᠰᠡᠨ ᠴᠠᠭ᠄
2024/3/11
     11 ᠤ ᠦᠳᠡ ᠶᠢᠨ ᠡᠮᠦᠨ᠎ᠡ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠡᠯ᠎ᠡ ᠲᠥᠯᠥᠭᠡᠯᠡᠭᠴᠢᠳ ᠤᠨ ᠪᠦᠯᠭᠦᠮ ᠳᠤᠭᠤᠶᠢᠯᠠᠩ ᠬᠤᠪᠢᠶᠠᠭᠰᠠᠨ ᠬᠤᠷᠠᠯ ᠬᠢᠵᠦ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠭᠤᠷᠪᠠᠨ ᠰᠢᠢᠳᠪᠦᠷᠢ ᠶᠢᠨ ᠲᠥᠰᠥᠯ ᠢ ᠬᠢᠨᠠᠨ ᠵᠥᠪᠯᠡᠨ᠎ᠡ; ᠲᠡᠷᠢᠭᠦᠯᠡᠭᠴᠢᠳ ᠤᠨ ᠪᠦᠯᠭᠦᠮ ᠤᠨ ᠳᠥᠷᠪᠡᠳᠦᠭᠡᠷ ᠤᠳᠠᠭ᠎ᠠ ᠶᠢᠨ ᠬᠤᠷᠠᠯ ᠢ ᠬᠤᠷᠠᠯᠳᠤᠭᠤᠯᠤᠨ᠎ᠠ᠃      11 ᠤ ᠦᠳᠡ ᠶᠢᠨ ᠬᠤᠶᠢᠨᠠᠬᠢ 3 ᠴᠠᠭ ᠲᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠡᠭᠦᠰᠬᠦ ᠬᠤᠷᠠᠯ ᠬᠤᠷᠠᠯᠳᠤᠭᠤᠯᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ ᠶᠢᠨ ᠲᠥᠰᠥᠯ ᠢ ᠪᠠᠲᠤᠯᠠᠵᠤ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠢ ᠪᠠᠲᠤᠯᠠᠵᠤ᠂ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ ᠰᠢᠢᠳᠪᠦᠷᠢ ᠶᠢᠨ ᠲᠥᠰᠥᠯ ᠢ ᠪᠠᠲᠤᠯᠠᠵᠤ᠂ 2023 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠬᠢᠭᠡᠳ 2024 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠤᠨ ᠲᠤᠬᠠᠢ ᠰᠢᠢᠳᠪᠦᠷᠢ ᠶᠢᠨ ᠲᠥᠰᠥᠯ ᠢ ᠪᠠᠲᠤᠯᠠᠵᠤ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢᠨ ᠲᠥᠰᠥᠯ ᠢ ᠪᠠᠲᠤᠯᠠᠵᠤ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢᠨ ᠲᠥᠰᠥᠯ ᠢ ᠪᠠᠲᠤᠯᠠᠵᠤ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢᠨ ᠲᠥᠰᠥᠯ ᠢ ᠪᠠᠲᠤᠯᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号