ᠨᠢᠭᠡ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠪᠡᠶᠡᠯᠡᠭᠦᠯᠦᠭᠰᠡᠨ ᠪᠠᠶᠢᠳᠠᠯ | 2024 ᠣᠨ ᠤ 2 ᠳ᠋ᠤᠭᠠᠷ ᠰᠠᠷ᠎ᠠ ᠶᠢᠨ 29 ᠤ ᠡᠳᠦᠷ ᠪᠣᠯᠲᠠᠯ᠎ᠠ᠂ ᠪᠥᠬᠦ ᠰᠢᠶᠠᠨ ᠤ ᠡᠩ ᠤᠨ ᠣᠯᠠᠨ | ᠨᠡᠶᠢᠲᠡ ᠶᠢᠨ ᠲᠥᠰᠥᠪ ᠤᠨ ᠣᠷᠣᠯᠭ᠎ᠠ ᠶᠢ ᠨᠡᠶᠢᠲᠡ 3493 ᠲᠦᠮᠡᠨ ᠲᠥᠭᠦᠷᠢᠭ ᠪᠡᠶᠡᠯᠡᠭᠦᠯᠵᠦ᠂ ᠵᠢᠯ ᠤᠨ ᠡᠬᠢᠨ ᠤ | ᠲᠥᠰᠥᠪ 35000 ᠲᠦᠮᠡᠨ ᠲᠥᠭᠦᠷᠢᠭ ᠤᠨ 9.98% ᠶᠢ ᠪᠡᠶᠡᠯᠡᠭᠦᠯᠵᠦ᠂ ᠠᠳᠠᠯᠢ ᠪᠠᠷᠢᠮᠵᠢᠶ᠎ᠠ ᠪᠠᠷ ᠪᠤᠳᠤᠪᠠᠯ᠂ | ᠲᠦᠷᠦᠭᠦᠸ ᠵᠢᠯ ᠤᠨ ᠬᠢ ᠠᠴᠠ 562 ᠲᠦᠮᠡᠨ ᠲᠥᠭᠦᠷᠢᠭ ᠨᠡᠮᠡᠭᠳᠡᠨ᠂ 19.17% ᠪᠠᠷ ᠨᠡᠮᠡᠭᠳᠡᠪᠡ᠂ ᠵᠢᠯ ᠤᠨ | ᠡᠬᠢᠨ ᠤ ᠲᠥᠰᠥᠪ ᠤᠨ ᠲᠡᠩᠴᠡᠭᠦᠷᠢᠲᠡᠢ ᠬᠥᠮᠥᠷᠭᠡ ᠳᠤ ᠣᠷᠣᠭᠤᠯᠬᠤ ᠠᠬᠢᠴᠠ ᠠᠴᠠ 2340 ᠲᠦᠮᠡᠨ ᠲᠥᠭᠦᠷᠢᠭ | ᠵᠥᠷᠢᠵᠡᠢ᠃ ᠡᠭᠦᠨ ᠳᠤ ᠭᠠᠶᠢᠯᠢ ᠶᠢᠨ ᠣᠷᠣᠯᠭ᠎ᠠ ᠶᠢ 3220 ᠲᠦᠮᠡᠨ ᠲᠥᠭᠦᠷᠢᠭ ᠪᠡᠶᠡᠯᠡᠭᠦᠯᠵᠦ᠂ ᠪᠥᠬᠦ ᠰᠢᠶᠠᠨ ᠤ | ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ 92.18% ᠶᠢ ᠡᠵᠡᠯᠡᠪᠡ︔ ᠭᠠᠶᠢᠯᠢ ᠶᠢᠨ ᠪᠤᠰᠤ | ᠣᠷᠣᠯᠭ᠎ᠠ ᠶᠢ 273 ᠲᠦᠮᠡᠨ ᠲᠥᠭᠦᠷᠢᠭ ᠪᠡᠶᠡᠯᠡᠭᠦᠯᠵᠦ᠂ ᠪᠥᠬᠦ ᠰᠢᠶᠠᠨ ᠤ ᠡᠩ ᠤᠨ ᠣᠯᠠᠨ ᠨᠡᠶᠢᠲᠡ ᠶᠢᠨ | ᠲᠥᠰᠥᠪ ᠤᠨ ᠣᠷᠣᠯᠭ᠎ᠠ ᠶᠢᠨ 7.82% ᠢ ᠡᠵᠡᠯᠡᠪᠡ᠃ | ᠬᠤᠶᠠᠷ᠂ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢ ᠪᠡᠶᠡᠯᠡᠭᠦᠯᠦᠭᠰᠡᠨ ᠪᠠᠶᠢᠳᠠᠯ | 2024 ᠣᠨ ᠤ 2 ᠳ᠋ᠤᠭᠠᠷ ᠰᠠᠷ᠎ᠠ ᠶᠢᠨ 29 ᠤ ᠡᠳᠦᠷ ᠪᠣᠯᠲᠠᠯ᠎ᠠ᠂ ᠪᠥᠬᠦ ᠰᠢᠶᠠᠨ ᠤ ᠡᠩ ᠤᠨ ᠣᠯᠠᠨ | ᠨᠡᠶᠢᠲᠡ ᠶᠢᠨ ᠲᠥᠰᠥᠪ ᠤᠨ ᠵᠠᠷᠤᠯᠭ᠎ᠠ ᠶᠢ ᠨᠡᠶᠢᠲᠡ 37398 ᠲᠦᠮᠡᠨ ᠲᠥᠭᠦᠷᠢᠭ ᠪᠡᠶᠡᠯᠡᠭᠦᠯᠵᠦ᠂ ᠲᠦᠷᠦᠭᠦᠸ | ᠵᠢᠯ ᠤᠨ ᠠᠳᠠᠯᠢ ᠬᠤᠭᠤᠴᠠᠭᠠᠨ ᠤ ᠬᠢ ᠠᠴᠠ 3734 ᠲᠦᠮᠡᠨ ᠲᠥᠭᠦᠷᠢᠭ ᠨᠡᠮᠡᠭᠳᠡᠨ᠂ 11.09% ᠪᠠᠷ ᠨᠡᠮᠡᠭᠳᠡᠪᠡ᠃ | ᠭᠤᠣᠯᠳᠠᠯᠭ᠎ᠠ ᠲᠠᠢ ᠵᠠᠷᠤᠯᠭ᠎ᠠ ᠶᠢ ᠪᠡᠶᠡᠯᠡᠭᠦᠯᠦᠭᠰᠡᠨ ᠪᠠᠶᠢᠳᠠᠯ ᠳᠣᠣᠷᠠᠬᠢ ᠮᠡᠲᠦ᠄ | ᠡᠩ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠯᠭ᠎ᠠ ᠶᠢ ᠨᠡᠶᠢᠲᠡ 3078 ᠲᠦᠮᠡᠨ ᠲᠥᠭᠦᠷᠢᠭ | ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 866 ᠲᠦᠮᠡᠨ ᠲᠥᠭᠦᠷᠢᠭ ᠪᠠᠭᠠᠰᠴᠤ᠂ 21. | 96% ᠪᠠᠷ ᠪᠠᠭᠤᠷᠠᠪᠠ︔ ᠰᠤᠷᠭᠠᠨ ᠬᠥᠮᠦᠵᠢᠯ ᠤᠨ ᠵᠠᠷᠤᠯᠭ᠎ᠠ ᠶᠢ ᠨᠡᠶᠢᠲᠡ 3898 ᠲᠦᠮᠡᠨ ᠲᠥᠭᠦᠷᠢᠭ | ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1704 ᠲᠦᠮᠡᠨ ᠲᠥᠭᠦᠷᠢᠭ ᠪᠠᠭᠠᠰᠴᠤ᠂ 30. | 42% ᠢᠶᠠᠷ ᠪᠠᠭᠤᠷᠠᠪᠠ︔ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ ᠶᠢ ᠨᠡᠶᠢᠲᠡ 8835 | ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 846 ᠲᠦᠮᠡᠨ | ᠲᠥᠭᠦᠷᠢᠭ ᠪᠠᠭᠠᠰᠴᠤ᠂ 8.74% ᠪᠠᠷ ᠪᠠᠭᠤᠷᠠᠪᠠ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ ᠶᠢ ᠨᠡᠶᠢᠲᠡ | 3240 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1070 | ᠲᠦᠮᠡᠨ ᠲᠥᠭᠦᠷᠢᠭ ᠨᠡᠮᠡᠭᠳᠡᠨ᠂ 49.31% ᠪᠠᠷ ᠨᠡᠮᠡᠭᠳᠡᠪᠡ︔ ᠲᠠᠷᠢᠶᠠᠯᠠᠩ ᠣᠶ ᠰᠢᠭᠤᠢ ᠤᠰᠤᠨ ᠤ ᠵᠠᠷᠤᠯᠭ᠎ᠠ ᠶᠢ | ᠨᠡᠶᠢᠲᠡ 10749 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ | 5730 ᠲᠦᠮᠡᠨ ᠲᠥᠭᠦᠷᠢᠭ ᠨᠡᠮᠡᠭᠳᠡᠨ᠂ 114.17% ᠪᠠᠷ ᠨᠡᠮᠡᠭᠳᠡᠪᠡ︔ ᠣᠷᠣᠨ ᠰᠠᠭᠤᠴᠠ ᠶᠢᠨ ᠪᠠᠲᠤᠯᠠᠭ᠎ᠠ ᠶᠢᠨ | ᠵᠠᠷᠤᠯᠭ᠎ᠠ 1311 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 65 | ᠲᠦᠮᠡᠨ ᠲᠥᠭᠦᠷᠢᠭ ᠨᠡᠮᠡᠭᠳᠡᠨ᠂ 5.22% ᠢᠶᠠᠷ ᠨᠡᠮᠡᠭᠳᠡᠪᠡ᠃ | ᠭᠤᠷᠪᠠ᠂ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ | ︵ᠨᠢᠭᠡ︶ ᠣᠷᠣᠯᠭ᠎ᠠ ᠶᠢᠨ ᠬᠠᠷᠠᠯᠲᠠ ᠶᠢ ᠴᠢᠩᠭ᠎ᠠ ᠠᠩᠬᠠᠷᠴᠤ᠂ ᠣᠷᠣᠯᠭ᠎ᠠ ᠶᠢᠨ ᠠᠷᠭ᠎ᠠ ᠬᠡᠮᠵᠢᠶ᠎ᠡ ᠶᠢ | ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠡᠳ᠋ ᠤᠨ ᠬᠦᠴᠦᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠨᠢᠭᠡ ᠳᠤ ᠡᠯ᠎ᠡ ᠭᠠᠶᠢᠯᠢ ᠶᠢᠨ ᠪᠤᠰᠤ ᠣᠷᠣᠯᠭ᠎ᠠ ᠶᠢᠨ ᠬᠤᠷᠢᠶᠠᠬᠤ ᠪᠠ ᠲᠣᠷᠭᠠᠬᠤ ᠨᠢᠭᠡᠴᠢ ᠶᠢ | ᠰᠢᠪᠠᠳᠠᠨ ᠱᠠᠭᠠᠷᠳᠠᠵᠤ᠂ ᠣᠷᠣᠯᠭ᠎ᠠ ᠶᠢᠨ ᠢᠷᠡᠯᠲᠡ ᠶᠢ ᠴᠢᠩᠭ᠎ᠠ ᠠᠩᠬᠠᠷᠴᠤ᠂ ᠤᠷᠢᠳᠴᠢᠯᠠᠨ ᠠᠷᠭ᠎ᠠ ᠰᠦᠪᠡᠭᠴᠢᠯᠡᠵᠦ᠂ | ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠭᠠᠶᠢᠯᠢ ᠶᠢᠨ ᠪᠤᠰᠤ ᠣᠷᠣᠯᠭ᠎ᠠ ᠶᠢ ᠴᠠᠭ ᠲᠤᠬᠠᠢ ᠳᠤᠨᠢ ᠬᠥᠮᠥᠷᠭᠡ ᠳᠤ | ᠣᠷᠣᠭᠤᠯᠬᠤ ᠶᠢ ᠦᠨᠡᠨ ᠬᠦ ᠪᠠᠲᠤᠯᠠᠨ᠎ᠠ︔ ᠬᠤᠶᠠᠷ ᠲᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠪᠥᠬᠦ ᠬᠦᠴᠦᠨ ᠢᠶᠠᠷ ᠲᠦᠯᠬᠢᠨ ᠠᠬᠢᠭᠤᠯᠵᠤ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠠᠢ | ᠵᠣᠬᠢᠴᠠᠭᠤᠯᠤᠨ ᠬᠠᠮᠵᠢᠯᠴᠠᠵᠤ᠂ ᠴᠠᠭ ᠲᠤᠬᠠᠢ ᠳᠤᠨᠢ ᠮᠥᠷᠳᠡᠬᠦ ᠪᠠ ᠬᠥᠳᠡᠯᠦᠩᠭᠦᠢ ᠪᠠᠷ ᠬᠢᠨᠠᠨ ᠡᠵᠡᠮᠳᠡᠬᠦ ᠶᠢ ᠰᠠᠶᠢᠲᠤᠷ | ᠬᠢᠵᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢ ᠪᠠᠭᠤᠯᠭᠠᠨ | ᠥᠭᠬᠦ ᠪᠠ ᠭᠠᠶᠢᠯᠢ ᠲᠠᠲᠠᠪᠤᠷᠢᠯᠠᠵᠤ ᠬᠠᠮᠢᠶᠠᠷᠬᠤ ᠶᠢ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠵᠦ᠂ ᠭᠠᠶᠢᠯᠢ | ᠲᠠᠲᠠᠪᠤᠷᠢ ᠶᠢᠨ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠵᠤ᠂ ᠲᠤᠰᠢᠶᠠᠪᠠᠰᠤ ᠵᠣᠬᠢᠬᠤ ᠶᠢ ᠨᠢ ᠪᠦᠬᠦᠨ ᠢ | ᠲᠤᠰᠢᠶᠠᠬᠤ ᠶᠢ ᠪᠠᠲᠤᠯᠠᠨ᠎ᠠ︔ ᠭᠤᠷᠪᠠ ᠳᠤ ᠨᠢᠭᠡᠨᠲᠡ ᠬᠡᠷᠡᠭᠵᠢᠭᠦᠯᠦᠭᠰᠡᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ | ᠲᠥᠷᠥᠯ ᠵᠦᠢᠯ ᠢ ᠰᠢᠯᠭᠠᠨ ᠠᠪᠬᠤ ᠠᠬᠢᠴᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠭᠠᠵᠠᠷ ᠰᠢᠷᠣᠢ ᠶᠢ | ᠬᠤᠳᠠᠯᠳᠤᠬᠤ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠭᠦᠢᠴᠡᠳᠬᠡᠯ ᠲᠤᠭ᠎ᠠ ᠶᠢ ᠦᠷᠭᠦᠯᠵᠢᠯᠡᠨ ᠢᠳᠡᠪᠬᠢᠲᠡᠢ | ᠲᠡᠮᠡᠴᠡᠨ᠎ᠡ︔ ᠳᠥᠷᠪᠡ ᠳᠤ ᠳᠡᠭᠡᠳᠦ ᠱᠠᠲᠤᠨ ᠤ ᠪᠡᠯᠡ ᠮᠥᠩᠭᠦ ᠶᠢ ᠢᠳᠡᠪᠬᠢᠯᠡᠨ ᠲᠡᠮᠡᠴᠡᠵᠦ᠂ ᠤᠯᠤᠰ ᠤᠨ ᠠᠵᠤ | ᠠᠬᠤᠢ ᠶᠢᠨ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠣᠶᠢᠯᠠᠭᠠᠵᠤ᠂ ᠳᠡᠭᠡᠳᠦ ᠱᠠᠲᠤᠨ ᠤ ᠰᠠᠯᠠᠭ᠎ᠠ | ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠨ ᠵᠣᠯᠭᠠᠯᠴᠠᠬᠤ ᠶᠢ ᠰᠠᠶᠢᠲᠤᠷ ᠬᠢᠵᠦ᠂ ᠲᠥᠪ᠂ ᠥᠪᠡᠷᠲᠡᠭᠡᠨ | ᠵᠠᠰᠠᠬᠤ ᠣᠷᠣᠨ᠂ ᠬᠤᠲᠠ ᠶᠢᠨ ᠱᠠᠲᠤᠨ ᠤ ᠡᠳ᠋ ᠤᠨ ᠬᠦᠴᠦᠨ ᠤ ᠨᠥᠬᠦᠪᠦᠷᠢ ᠶᠢᠨ ᠪᠡᠯᠡ ᠮᠥᠩᠭᠦ ᠶᠢ ᠲᠡᠮᠡᠴᠡᠨ | ᠣᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠮᠠᠨ ᠤ ᠰᠢᠶᠠᠨ ᠤ ᠡᠳ᠋ ᠤᠨ ᠵᠠᠰᠠᠭ ᠤᠨ ᠬᠦᠴᠢᠷᠳᠡᠯ ᠲᠠᠢ | ᠪᠠᠶᠢᠳᠠᠯ ᠢ ᠬᠥᠩᠭᠡᠷᠡᠭᠦᠯᠬᠦ ᠳᠤ ᠪᠠᠲᠤᠯᠠᠭ᠎ᠠ ᠬᠠᠩᠭᠠᠨ᠎ᠠ᠃ | ︵ᠬᠤᠶᠠᠷ︶ ᠵᠠᠷᠤᠯᠭ᠎ᠠ ᠶᠢ ᠵᠦᠢ ᠵᠣᠬᠢᠰᠲᠠᠢ ᠲᠣᠬᠢᠷᠠᠭᠤᠯᠵᠤ᠂ ︽ᠭᠤᠷᠪᠠ ᠶᠢ ᠪᠠᠲᠤᠯᠠᠬᠤ︾ ᠬᠤᠷᠢᠭ᠎ᠠ | ᠱᠤᠭᠤᠮ ᠢ ᠪᠠᠲᠤ ᠰᠠᠬᠢᠵᠤ᠂ ᠭᠤᠣᠯᠳᠠᠯᠭ᠎ᠠ ᠲᠠᠢ ᠵᠠᠷᠤᠯᠭ᠎ᠠ ᠶᠢ ᠪᠠᠲᠤᠯᠠᠨ᠎ᠠ᠃ ᠨᠢᠭᠡ ᠳᠤ ︽ᠭᠤᠷᠪᠠ ᠶᠢ ᠪᠠᠲᠤᠯᠠᠬᠤ︾ ᠶᠢ | ᠲᠡᠷᠢᠭᠦᠨ ᠳᠤ ᠲᠠᠯᠪᠢᠬᠤ ᠵᠠᠷᠴᠢᠮ ᠢ ᠪᠠᠷᠢᠮᠲᠠᠯᠠᠵᠤ᠂ ᠴᠠᠯᠢᠩ᠂ ᠥᠨᠳᠥᠷ ᠨᠠᠰᠤᠲᠠᠨ ᠤ ᠨᠥᠬᠦᠪᠦᠷᠢ᠂ ᠵᠡᠮᠳᠡᠭᠴᠦᠳ ᠤᠨ | ᠨᠥᠬᠦᠪᠦᠷᠢ᠂ ᠠᠰᠠᠷᠠᠨ ᠬᠠᠷᠠᠭᠠᠯᠵᠠᠬᠤ ᠠᠮᠢᠳᠤᠷᠠᠯ ᠤᠨ ᠨᠥᠬᠦᠪᠦᠷᠢ᠂ ᠬᠦᠴᠢᠷᠳᠡᠯᠲᠡᠢ ᠤᠯᠠᠨ ᠲᠦᠮᠡᠨ ᠢ ᠠᠪᠤᠷᠠᠨ | ᠲᠤᠰᠠᠯᠠᠬᠤ ᠵᠡᠷᠭᠡ ᠠᠷᠠᠳ ᠤᠨ ᠠᠮᠢᠳᠤᠷᠠᠯ ᠤᠨ ᠪᠡᠯᠡ ᠮᠥᠩᠭᠦ ᠶᠢ ᠤᠷᠢᠳᠠᠪᠠᠷ ᠪᠠᠲᠤᠯᠠᠨ᠎ᠠ᠃ ᠬᠤᠶᠠᠷ ᠲᠤ ᠰᠢᠭᠤᠳ | ᠬᠦᠷᠬᠦ ᠪᠡᠯᠡ ᠮᠥᠩᠭᠦ ᠶᠢᠨ ᠠᠬᠢᠴᠠ ᠶᠢ ᠲᠦᠷᠭᠡᠳᠬᠡᠵᠦ᠂ ᠰᠢᠭᠤᠳ ᠬᠦᠷᠬᠦ ᠪᠡᠯᠡ ᠮᠥᠩᠭᠦ ᠶᠢ ᠬᠤᠪᠢᠶᠠᠷᠢᠯᠠᠬᠤ᠂ ᠥᠭᠬᠦ᠂ | ᠵᠣᠯᠭᠠᠭᠤᠯᠬᠤ ᠪᠠ ᠬᠢᠨᠠᠨ ᠬᠠᠮᠢᠶᠠᠷᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ ᠭᠤᠷᠪᠠ ᠳᠤ ᠵᠠᠪᠠᠯ ᠪᠤᠰᠤ᠂ | ᠭᠤᠣᠯᠳᠠᠯᠭ᠎ᠠ ᠲᠠᠢ ᠪᠤᠰᠤ ᠲᠥᠷᠥᠯ ᠵᠦᠢᠯ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠡᠩ ᠤᠨ ᠴᠢᠨᠠᠷᠲᠠᠢ | ᠵᠠᠷᠤᠯᠭ᠎ᠠ ᠶᠢ ᠶᠡᠭᠡ ᠪᠠᠷ ᠪᠠᠭᠠᠰᠬᠠᠨ᠎ᠠ᠃ | | | ᠢᠷᠡᠯᠲᠡ᠄ ᠬᠤᠲᠠ ᠶᠢᠨ ᠡᠳ᠋ ᠶᠢᠨ ᠵᠠᠰᠠᠭ ᠤᠨ ᠲᠣᠪᠴᠢᠶ᠎ᠠ | | |