ᠪᠦᠭᠦ ᠣᠷᠣᠨ ᠤ 1678 ᠮᠠᠯᠴᠢᠨ ᠲᠠᠷᠢᠶᠠᠴᠢᠨ ᠮᠡᠷᠭᠡᠵᠢᠯ ᠤᠨ ᠴᠣᠯᠠ ᠭᠦᠷᠲᠡᠪᠡ
ᠨᠡᠶᠢᠲᠡᠯᠡᠭᠰᠡᠨ ᠴᠠᠭ᠄
2024/3/11
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠣᠳᠣᠬᠠᠨ ᠪᠤᠯᠲᠠᠯ᠎ᠠ᠂ ᠮᠠᠨ ᠤ ᠣᠷᠣᠨ ᠳᠤ ᠨᠢᠭᠡᠨᠲᠡ 1678 ᠮᠠᠯᠴᠢᠨ ᠲᠠᠷᠢᠶᠠᠴᠢᠨ ᠳᠡᠭᠡᠳᠦ᠂ ᠳᠤᠮᠳᠠ᠂ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠬᠦᠷᠲᠡᠵᠦ᠂ ᠴᠥᠮ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠠᠴᠠ ᠢᠷᠡᠭᠰᠡᠨ ᠪᠠᠶᠢᠨ᠎ᠠ᠃      2021 ᠣᠨ ᠠᠴᠠ ᠡᠬᠢᠯᠡᠨ ᠮᠠᠨ ᠤ ᠣᠷᠣᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠶᠢ ᠰᠦᠪᠡᠭᠴᠢᠯᠡᠨ ᠬᠡᠷᠡᠭᠵᠢᠭᠦᠯᠬᠦ ᠶᠢᠨ ᠬᠠᠮᠲᠤ᠂ ᠤᠯᠠᠭᠠᠨᠬᠠᠳᠠ ᠬᠤᠲᠠ᠂ ᠰᠢᠯᠢ ᠶᠢᠨ ᠭᠤᠣᠯ ᠠᠶᠢᠮᠠᠭ ᠲᠤ ᠮᠠᠯᠴᠢᠨ ᠲᠠᠷᠢᠶᠠᠴᠢᠳ ᠤᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠲᠤᠷᠰᠢᠯᠲᠠ ᠶᠢᠨ ᠠᠵᠢᠯ ᠢ ᠲᠣᠰ ᠲᠣᠰ ᠥᠷᠨᠢᠭᠦᠯᠵᠦ᠂ ᠬᠥᠳᠡᠭᠡ ᠲᠣᠰᠬᠤᠨ ᠤ ᠡᠨᠧᠷᠭᠢ᠂ ᠡᠵᠡᠩᠨᠡᠯᠲᠡ ᠬᠠᠮᠢᠶᠠᠷᠤᠯᠲᠠ᠂  ᠵᠤᠭ᠎ᠠ ᠰᠡᠯᠡᠭᠦᠴᠡᠯ ᠤᠨ ᠲᠠᠷᠢᠶᠠᠯᠠᠩ᠂ ᠲᠡᠵᠢᠭᠡᠨ ᠦᠷᠡᠵᠢᠭᠦᠯᠬᠦ᠂ ᠴᠠᠭᠠᠨ ᠢᠳᠡᠭᠡᠨ ᠡᠳ᠋ᠰᠢᠭᠦᠯᠬᠦ ᠵᠡᠷᠭᠡ ᠬᠢᠨᠠᠨ ᠲᠣᠭᠲᠠᠭᠠᠬᠤ ᠲᠤᠰᠬᠠᠢ ᠮᠡᠷᠭᠡᠵᠢᠯ ᠢ ᠪᠠᠶᠢᠭᠤᠯᠵᠤ᠂ ᠭᠤᠶᠤᠴᠢᠯᠠᠨ ᠮᠡᠳᠡᠭᠦᠯᠦᠭᠴᠢ ᠨᠢ ᠲᠠᠷᠢᠶᠠᠯᠠᠩ ᠤᠨ ᠮᠡᠷᠭᠡᠵᠢᠯ  ︵ᠲᠠᠷᠢᠶᠠᠯᠠᠩ ᠠᠵᠤ ᠠᠬᠤᠢ︶᠂ ᠮᠠᠯ ᠠᠵᠤ ᠠᠬᠤᠢ︵ᠮᠠᠯ ᠡᠮᠨᠡᠯᠭᠡ︶᠂ ᠢᠨᠵᠧᠨᠧᠷᠢᠩ  ︵ᠲᠠᠷᠢᠶᠠᠯᠠᠩ ᠤᠨ ᠮᠠᠰᠢᠨ᠂ ᠤᠰᠤᠨ ᠤ ᠭᠠᠷᠤᠯᠲᠠ ᠶᠢᠨ ᠲᠤᠰᠬᠠᠢ ᠮᠡᠷᠭᠡᠵᠢᠯ︶ ᠤᠨ ᠦᠨᠡᠯᠡᠬᠦ ᠪᠠᠷᠢᠮᠵᠢᠶ᠎ᠠ ᠶᠢᠨ ᠲᠠᠯ᠎ᠠ ᠪᠠᠷ ᠥᠩᠭᠡᠷᠡᠭᠰᠡᠨ ᠤ ︽ᠰᠤᠷᠤᠯᠭ᠎ᠠ ᠶᠢᠨ ᠨᠠᠮᠲᠠᠷ᠂ ᠥᠭᠦᠯᠡᠯ᠂ ᠬᠢᠷᠢ ᠭᠡᠮ︾ ᠵᠡᠷᠭᠡ ᠦᠨᠡᠯᠡᠬᠦ ᠪᠠᠷᠢᠮᠵᠢᠶ᠎ᠠ ᠶᠢ ᠡᠪᠳᠡᠵᠦ᠂ ᠣᠷᠣᠨ ᠪᠦᠰᠡ ᠶᠢᠨ ᠣᠨᠴᠠᠯᠢᠭ ᠲᠤ ᠨᠡᠶᠢᠴᠡᠭᠰᠡᠨ᠂ ᠠᠵᠤ ᠦᠢᠯᠡᠰ ᠤᠨ ᠣᠨᠴᠠᠯᠢᠭ ᠲᠤ ᠨᠡᠶᠢᠴᠡᠭᠰᠡᠨ᠂ ᠬᠥᠭᠵᠢᠯᠲᠡ ᠶᠢᠨ ᠣᠨᠴᠠᠯᠢᠭ ᠲᠤ ᠨᠡᠶᠢᠴᠡᠭᠰᠡᠨ ᠬᠢᠨᠠᠨ ᠲᠣᠭᠲᠠᠭᠠᠬᠤ ᠨᠠᠷᠢᠨ ᠳᠦᠷᠢᠮ᠂ ᠬᠢᠨᠠᠨ ᠲᠣᠭᠲᠠᠭᠠᠬᠤ ᠶᠠᠪᠤᠴᠠ ᠪᠠ ᠬᠢᠨᠠᠨ ᠲᠣᠭᠲᠠᠭᠠᠬᠤ ᠠᠷᠭ᠎ᠠ ᠶᠢ ᠲᠣᠭᠲᠠᠭᠠᠵᠤ᠂ ᠭᠤᠣᠯᠳᠠᠭᠤ ᠨᠡᠶᠢᠭᠡᠮ ᠤᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ᠂ ᠮᠡᠷᠭᠡᠵᠢᠯ ᠤᠨ ᠬᠢᠷᠢ ᠬᠡᠮᠵᠢᠶ᠎ᠡ ᠵᠡᠷᠭᠡ ᠲᠠᠯ᠎ᠠ ᠠᠴᠠ ᠡᠭᠦᠰᠴᠦ᠂ ᠲᠤᠰᠬᠠᠢ ᠮᠡᠷᠭᠡᠵᠢᠯᠲᠡᠨ ᠠᠴᠠ ᠬᠢᠨᠠᠨ ᠲᠣᠭᠲᠠᠭᠠᠬᠤ᠂ ᠦᠢᠯᠡᠳᠦᠯᠭᠡ ᠪᠠᠷ ᠢᠯᠡᠷᠡᠭᠦᠯᠬᠦ᠂ ᠪᠣᠳᠠᠲᠤ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠵᠡᠷᠭᠡ ᠣᠯᠠᠨ ᠵᠦᠢᠯ ᠤᠨ ᠵᠠᠭᠪᠤᠷ ᠢᠶᠠᠷ ᠳᠠᠮᠵᠢᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠣᠷᠭᠠᠨᠢᠭ ᠢᠶᠠᠷ ᠠᠭᠤᠰᠤᠯᠴᠠᠭᠤᠯᠤᠨ ᠬᠢᠨᠠᠨ ᠲᠣᠭᠲᠠᠭᠠᠬᠤ ᠶᠢ ᠪᠡᠶᠡᠯᠡᠭᠦᠯᠪᠡ᠃ 2023 ᠣᠨ ᠳᠤ᠂  ᠮᠠᠯᠴᠢᠨ ᠲᠠᠷᠢᠶᠠᠴᠢᠨ ᠤ ᠮᠡᠷᠭᠡᠵᠢᠯ ᠤᠨ ᠴᠣᠯᠠ ᠰᠢᠯᠭᠠᠷᠠᠭᠤᠯᠬᠤ ᠠᠵᠢᠯ ᠪᠦᠭᠦ ᠣᠷᠣᠨ ᠳᠤ ᠶᠠᠪᠤᠭᠳᠠᠵᠤ᠂ ᠪᠦᠭᠦ ᠵᠢᠯ ᠳᠤ 1336 ᠬᠥᠮᠥᠨ ᠮᠡᠷᠭᠡᠵᠢᠯ ᠤᠨ ᠴᠣᠯᠠ ᠭᠦᠷᠳᠡᠪᠡ᠃ ᠡᠭᠦᠨ ᠳᠤ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠭᠥᠷᠳᠡᠭᠰᠡᠨ ᠨᠢ 99 ᠬᠥᠮᠥᠨ᠂ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠭᠥᠷᠳᠡᠭᠰᠡᠨ ᠨᠢ 544 ᠬᠥᠮᠥᠨ᠂ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ  ᠭᠥᠷᠳᠡᠭᠰᠡᠨ ᠨᠢ 693 ᠬᠥᠮᠥᠨ ᠪᠤᠶ᠃      ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠲᠤᠰᠬᠠᠢ ᠮᠡᠷᠭᠡᠵᠢᠯ ᠤᠨ ᠠᠵᠢᠯᠲᠠᠨ ᠤ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠥᠯᠵᠡᠶᠢᠮᠥ᠋ᠩᠬᠡ᠂ ᠪᠢᠳᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠭᠦ ᠣᠷᠣᠨ ᠤ ᠮᠠᠯᠴᠢᠨ ᠲᠠᠷᠢᠶᠠᠴᠢᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠴᠢᠨᠠᠭᠰᠢᠳᠠ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠤᠲᠤᠭ ᠤᠨ ᠴᠢᠳᠠᠪᠤᠷᠢᠲᠠᠨ ᠢ ᠬᠥᠮᠥᠵᠢᠭᠦᠯᠬᠦ ᠲᠠᠪᠴᠠᠩ ᠤᠨ ᠠᠴᠢᠶᠠᠯᠠᠪᠤᠷᠢ ᠶᠢ ᠰᠠᠶᠢᠲᠤᠷ ᠪᠠᠶᠢᠭᠤᠯᠵᠤ᠂ ᠮᠠᠯᠴᠢᠨ ᠲᠠᠷᠢᠶᠠᠴᠢᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠮᠡᠳᠡᠯᠭᠡ ᠪᠠ ᠨᠢᠭᠡ ᠵᠦᠢᠯ ᠤᠨ ᠮᠡᠷᠭᠡᠵᠢᠯ ᠤᠨ ᠳᠠᠪᠠᠭᠤᠯᠢᠭ ᠢᠶᠠᠷ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠳᠤ ᠬᠦᠴᠦᠨ ᠨᠡᠮᠡᠷᠢᠯᠡᠬᠦ ᠶᠢ ᠵᠣᠷᠢᠭᠵᠢᠭᠤᠯᠤᠨ ᠬᠥᠲᠥᠯᠥᠨ ᠵᠢᠯᠣᠭᠤᠳᠤᠨ᠎ᠠ ᠭᠡᠵᠦ ᠬᠡᠯᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号