ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠤᠨ ᠤᠯᠤᠰ ᠲᠥᠷᠥ ᠶᠢᠨ ᠰᠢᠢᠳᠪᠦᠷᠢ
ᠨᠡᠶᠢᠲᠡᠯᠡᠭᠰᠡᠨ ᠴᠠᠭ᠄
2024/3/11
     ︵2024 ᠣᠨ ᠤ 3 ᠰᠠᠷ᠎ᠠ ᠶᠢᠨ 10 ᠤ ᠡᠳᠦᠷ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ  ᠪᠦᠭᠦ ᠤᠯᠤᠰ ᠤᠨ  ᠬᠤᠷᠢᠶ᠎ᠠ ᠶᠢᠨ ᠬᠤᠶᠠᠳᠤᠭᠠᠷ ᠬᠤᠷᠠᠯ ᠠᠴᠠ ᠪᠠᠲᠤᠯᠠᠪᠠ︶      ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ 2024 ᠣᠨ ᠤ 3 ᠰᠠᠷ᠎ᠠ ᠶᠢᠨ 4 ᠠᠴᠠ 10 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃      ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ  ᠲᠡᠷᠢᠭᠦᠯᠡᠭᠴᠢ᠂  ᠲᠥᠪ ᠤᠨ  ᠴᠡᠷᠢᠭ ᠤᠨ  ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ  ᠨᠥᠬᠦᠳ ᠬᠤᠷᠠᠯ ᠳᠤ ᠣᠷᠣᠯᠴᠠᠵᠤ᠂ ᠭᠡᠰᠢᠭᠦᠳ ᠲᠠᠢ ᠤᠯᠤᠰ ᠤᠨ ᠶᠡᠭᠡ ᠪᠣᠳᠣᠯᠭ᠎ᠠ ᠶᠢ ᠬᠠᠮᠲᠤ ᠪᠠᠷ ᠵᠥᠪᠯᠡᠪᠡ᠃ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠪᠦᠭᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠪᠣᠳᠠᠲᠠᠢ ᠶᠢ ᠡᠷᠬᠢᠮᠯᠡᠨ ᠵᠥᠪᠯᠡᠯᠭᠡ ᠬᠢᠵᠦ ᠲᠦᠷᠦ ᠶᠢᠨ ᠶᠠᠪᠤᠳᠠᠯ ᠢ ᠵᠥᠪᠯᠡᠵᠦ᠂ ᠡᠯ᠎ᠡ ᠵᠦᠢᠯ ᠤᠨ ᠵᠥᠪᠯᠡᠬᠦ ᠵᠦᠢᠯ ᠢᠶᠠᠨ ᠠᠮᠵᠢᠯᠲᠠ ᠲᠠᠢ  ᠪᠡᠶᠡᠯᠡᠭᠦᠯᠵᠦ᠂ ᠴᠢᠬᠤᠯᠠ ᠦᠷ᠎ᠡ ᠪᠦᠲᠦᠭᠡᠯ ᠣᠯᠪᠠ᠃      ᠬᠤᠷᠠᠯ ᠠᠴᠠ ᠸᠠᠩ ᠬᠤ᠋ ᠨᠢᠩ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠡᠮᠦᠨ᠎ᠡ ᠠᠴᠠ ᠬᠢᠭᠰᠡᠨ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠵᠥᠪᠰᠢᠶᠡᠷᠡᠨ᠂ ᠭᠤᠤ ᠶᠦᠨ ᠯᠦᠩ ᠤᠨ ᠬᠢᠭᠰᠡᠨ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠵᠥᠪᠰᠢᠶᠡᠷᠡᠪᠡ᠃ ᠭᠡᠰᠢᠭᠦᠳ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠤ ᠰᠤᠯᠠ ᠣᠷᠣᠯᠴᠠᠵᠤ᠂ ᠯᠢ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠤᠨ ᠶᠠᠷᠢᠯᠴᠠᠵᠤ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠵᠢᠴᠢ ᠪᠤᠰᠤᠳ ᠬᠤᠯᠪᠣᠭᠳᠠᠯ ᠪᠦᠬᠦᠢ ᠮᠡᠳᠡᠭᠦᠯᠦᠯᠲᠡ ᠵᠡᠷᠭᠡ ᠶᠢ ᠶᠠᠷᠢᠯᠴᠠᠵᠤ᠂ ᠵᠥᠪᠰᠢᠶᠡᠷᠡᠵᠦ ᠪᠠᠶᠢᠬᠤ ᠪᠠᠨ ᠢᠯᠡᠳᠬᠡᠭᠰᠡᠨ ᠪᠥᠭᠡᠳ ᠰᠠᠨᠠᠯ ᠰᠠᠨᠠᠭᠤᠯᠭ᠎ᠠ ᠳᠤᠷᠠᠳᠴᠠᠢ᠃      ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠳᠣᠲᠣᠭᠠᠳᠤ ᠭᠠᠳᠠᠭᠠᠳᠤ ᠶᠢᠨ ᠬᠦᠴᠢᠷ ᠪᠡᠷᠬᠡᠰᠢᠶᠡᠯ ᠢ ᠡᠷᠡᠰ ᠢᠯᠠᠨ ᠳᠠᠪᠠᠵᠤ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠲᠣᠭᠲᠠᠭᠤᠨ ᠢᠶᠠᠷ ᠱᠠᠲᠤ ᠰᠢᠯᠵᠢᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ  ᠶᠢ ᠡᠭᠦᠳᠬᠦ ᠠᠵᠢᠯ ᠰᠢᠨ᠎ᠡ ᠰᠢᠪᠲᠤᠯᠤᠯᠲᠠ ᠲᠠᠢ ᠪᠣᠯᠵᠤ᠂ ᠠᠮᠤ ᠪᠤᠳᠠᠭᠠᠨ ᠤ ᠶᠡᠷᠦᠩᠬᠡᠢ ᠤᠨᠠᠯᠲᠠ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ ᠠᠮᠤᠷ ᠲᠦᠪᠰᠢᠨ ᠬᠥᠭᠵᠢᠯᠲᠡ ᠶᠢᠨ ᠰᠠᠭᠤᠷᠢ ᠶᠢ ᠪᠠᠲᠤᠳᠬᠠᠨ ᠪᠠᠬᠢᠵᠢᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠬᠦᠴᠦᠲᠡᠢ ᠪᠥᠭᠡᠳ ᠪᠦᠲᠦᠮᠵᠢᠲᠡᠶ ᠪᠣᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠢᠯᠡᠳᠲᠡ ᠦᠷ᠎ᠡ ᠪᠦᠲᠦᠮᠵᠢ ᠣᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠯᠠᠪᠳᠠᠭᠤᠨ ᠪᠠᠲᠤᠲᠠᠢ ᠠᠯᠬᠤᠮ ᠢ ᠠᠯᠬᠤᠵᠤ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠢᠲᠡᠭᠡᠯ ᠵᠣᠷᠢᠭ ᠢ ᠲᠤᠶᠢᠯ ᠤᠨ ᠶᠡᠭᠡ ᠪᠠᠷ ᠬᠥᠪᠴᠢᠯᠡᠪᠡ᠃ ᠠᠮᠵᠢᠯᠲᠠ ᠪᠦᠲᠦᠮᠵᠢ ᠶᠢ ᠭᠢᠯᠪᠠᠷ ᠪᠤᠰᠤ ᠪᠠᠷ ᠣᠯᠣᠭᠰᠠᠨ ᠶᠤᠮ᠂ ᠡᠷᠬᠡᠪᠰᠢ ᠬᠤᠪᠢ ᠳᠠᠭᠢᠨ ᠨᠠᠨᠳᠢᠩᠨᠠᠬᠤ ᠬᠡᠷᠡᠭᠲᠡᠢ᠃      ︽ᠬᠤᠶᠠᠷ ᠢ ᠲᠣᠭᠲᠠᠭᠠᠭᠰᠠᠨ︾ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠠᠯᠢᠪᠠ ᠲᠣᠬᠲᠠᠭᠠᠯᠲᠤ ᠪᠤᠰᠤ ᠴᠢᠨᠠᠷ ᠢ ᠠᠷᠭᠠᠴᠠᠭᠠᠬᠤ ᠬᠠᠮᠤᠭ ᠤᠨ ᠶᠡᠭᠡ ᠲᠤᠬᠲᠠᠭᠠᠯᠲᠤ ᠴᠢᠨᠠᠷ᠂ ᠬᠠᠮᠤᠭ ᠤᠨ ᠶᠡᠭᠡ ᠢᠳᠡ ᠬᠦᠴᠦᠨ᠂ ᠬᠠᠮᠤᠭ ᠤᠨ ᠶᠡᠭᠡ ᠪᠠᠲᠤᠯᠠᠭ᠎ᠠ ᠪᠤᠯᠬᠤ ᠶᠢ ᠦᠢᠯᠡᠳᠦᠯᠭᠡ ᠭᠦᠢᠴᠡᠳ ᠭᠡᠷᠡᠴᠢᠯᠡᠪᠡ᠃ ᠠᠷᠠᠳ ᠤᠨ ᠤᠯᠤᠰ ᠲᠥᠷᠥ ᠶᠢᠨ ᠵᠥᠪᠯᠡᠯᠭᠡᠨ  ᠨᠢ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂  ︽ᠳᠥᠷᠪᠡᠨ ᠢᠲᠡᠭᠡᠯ︾   ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂  ᠦᠵᠡᠯ  ᠰᠠᠨᠠᠭ᠎ᠠ  ᠤᠯᠤᠰ  ᠲᠥᠷᠥ   ᠦᠶᠯᠡ  ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ ᠭᠡᠵᠦ ᠦᠵᠡᠪᠡ᠃      ᠶᠡᠷᠦᠩᠬᠡᠢ ᠱᠦᠵᠢ ᠰᠢ ᠶᠢᠨ ᠫᠢᠩ ᠨᠢᠭᠡ ᠵᠢᠯ ᠤᠨ ᠲᠤᠷᠰᠢᠬᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠦᠢᠯᠡᠴᠢᠯᠡᠵᠦ ᠦᠵᠡᠭᠦᠯᠦᠭᠰᠡᠨ ᠢᠳᠡᠪᠬᠢᠲᠡᠢ ᠬᠤᠪᠢ ᠨᠡᠮᠡᠷᠢ ᠶᠢ ᠨᠤᠲᠠᠯᠠᠵᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠥᠭᠴᠡᠢ᠃ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠶᠡᠬᠡᠳᠡ ᠤᠷᠮᠠᠰᠢᠵᠤ᠂ ᠲᠤᠶᠢᠯ ᠢᠶᠠᠷ ᠵᠣᠷᠢᠭᠵᠢᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢᠨ ᠲᠣᠭᠤᠷᠢᠨ ᠳᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠡᠲᠡᠭᠡᠳ᠂ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠤᠨ ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠡᠲᠡᠭᠡᠳ᠂ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠬᠢᠨ ᠤ ᠳᠠᠪᠠᠭᠤᠯᠢᠭ ᠦᠢᠯᠡᠳᠦᠯ ᠢᠶᠠᠨ ᠪᠠᠳᠠᠷᠠᠭᠤᠯᠬᠤ᠂ ᠡᠭᠦᠷᠭᠡ ᠴᠢᠳᠠᠪᠬᠢ ᠪᠠᠨ ᠨᠡᠩ ᠰᠠᠶᠢᠲᠤᠷ ᠭᠦᠢᠴᠡᠳᠬᠡᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠂ ᠶᠠᠷᠢᠶ᠎ᠠ ᠨᠢ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠤᠭᠤᠳᠬᠤ ᠴᠢᠨᠠᠷ᠂ ᠬᠠᠨᠳᠤᠯᠭᠠᠲᠤ ᠴᠢᠨᠠᠷ ᠲᠠᠢ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ᠪᠦᠯᠬᠦᠮᠳᠡᠵᠦ ᠪᠤᠯᠬᠤ ᠤᠯᠤᠰ ᠢᠶᠠᠨ ᠬᠠᠶᠢᠷᠠᠯᠠᠬᠤ ᠬᠦᠴᠦᠨ ᠪᠦᠭᠦᠨ ᠲᠠᠢ ᠪᠦᠯᠬᠦᠮᠳᠡᠵᠦ᠂ ᠬᠤᠶᠠᠷ ᠬᠥᠪᠡᠭᠡᠨ ᠤ ᠡᠯ᠎ᠡ ᠬᠦᠷᠢᠶᠡᠨ ᠤ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠵᠦ᠂ ᠡᠬᠡ ᠤᠯᠤᠰ ᠢᠶᠠᠨ ᠨᠠᠶᠢᠷᠠᠮᠳᠠᠯ ᠢᠶᠠᠷ ᠨᠢᠭᠡᠳᠬᠡᠬᠦ ᠠᠬᠢᠴᠠ ᠶᠢ ᠬᠠᠮᠲᠤ ᠪᠠᠷ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠵᠤ ᠤᠯᠤᠰ ᠢᠶᠠᠨ ᠬᠦᠴᠦᠷᠬᠡᠭᠵᠢᠭᠦᠯᠬᠦ ᠬᠦᠰᠡᠯ ᠵᠣᠷᠢᠯᠲᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠨᠳᠦ ᠡᠭᠦᠷᠭᠡ ᠶᠢ ᠡᠭᠦᠷᠭᠡᠯᠡᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠬᠦᠴᠦᠨ ᠨᠡᠮᠡᠷᠢᠯᠡᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠬᠤ ᠬᠡᠷᠡᠭᠲᠡᠢ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ᠂ ᠥᠨᠳᠥᠷ ᠲᠦᠪᠰᠢᠨ ᠤ ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠲᠠᠯ᠎ᠠ ᠪᠠᠷ ᠰᠢᠨ᠎ᠡ ᠬᠤᠪᠢ ᠨᠡᠮᠡᠷᠢ ᠦᠵᠡᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠤᠳᠤ ᠶᠢᠨ ᠪᠠᠶᠢᠭ᠎ᠠ ᠰᠠᠭᠤᠷᠢᠨ ᠳᠡᠭᠡᠷ᠎ᠡ ᠦᠷᠭᠦᠯᠵᠢᠯᠡᠨ ᠤᠷᠤᠭᠰᠢᠯᠠᠵᠤ᠂ ᠤᠨᠤᠯ ᠪᠠ ᠦᠢᠯᠡᠳᠦᠯᠭᠡ ᠶᠢᠨ ᠲᠠᠯ᠎ᠠ ᠪᠠᠷ ᠰᠢᠨ᠎ᠡ ᠶᠢ ᠡᠭᠦᠳᠬᠦ ᠰᠢᠪᠲᠤᠯᠤᠯᠲᠠ ᠶᠢ ᠲᠠᠰᠤᠷᠠᠯᠲᠠ ᠦᠭᠡᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠮᠵᠢᠯᠲᠠ ᠲᠠᠢ ᠠᠬᠢᠭᠤᠯᠵᠤ ᠥᠷᠭᠡᠳᠬᠡᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠪᠠᠷᠢᠮᠲᠠᠯᠠᠵᠤ᠂ ᠥᠷᠭᠡᠨ ᠤᠯᠠᠨ ᠠᠷᠠᠳ ᠲᠦᠮᠡᠨ ᠲᠠᠢ ᠪᠦᠯᠬᠦᠮᠳᠡᠬᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠥᠪ ᠴᠢᠭᠯᠡᠯ ᠢᠶᠠᠷ ᠯᠠᠪᠳᠠᠭᠤᠨ ᠢᠶᠠᠷ ᠬᠤᠯᠠ ᠠᠶᠠᠯᠠᠬᠤ ᠶᠢ ᠦᠨᠡᠨ ᠬᠦ ᠪᠠᠲᠤᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠠᠴᠠ ᠵᠢᠷᠤᠭᠯᠠᠭᠰᠠᠨ ᠠᠤᠭ᠎ᠠ ᠲᠥᠰᠥᠪ ᠢ ᠠᠯᠬᠤᠮ ᠠᠯᠬᠤᠮ ᠢᠶᠠᠷ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭᠲᠡᠢ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠤᠬᠠᠮᠰᠠᠷ ᠠᠴᠠ ᠪᠠᠨ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠪᠣᠯᠣᠨ ᠤᠯᠤᠰ ᠤᠨ ᠭᠤᠣᠯ ᠡᠭᠦᠷᠭᠡ ᠳᠤ ᠦᠢᠯᠡᠴᠢᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ᠂ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠪᠣᠳᠠᠲᠤ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠰᠠᠶᠢᠨ ᠠᠷᠭ᠎ᠠ ᠪᠣᠳᠣᠯᠭ᠎ᠠ ᠶᠢ ᠥᠷᠭᠡᠨ ᠢᠶᠠᠷ ᠰᠦᠪᠡᠭᠴᠢᠯᠡᠵᠦ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠲᠥᠪᠯᠡᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠦᠵᠡᠪᠡ᠃      ᠬᠤᠷᠠᠯ ᠠᠴᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠯᠤᠲᠤ ᠶᠡᠭᠡ ᠤᠯᠤᠰ ᠲᠦᠷᠦ ᠶᠢᠨ ᠰᠥᠰᠥ ᠵᠣᠷᠢᠭ ᠢᠶᠠᠷ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠡᠯ᠎ᠡ ᠲᠠᠯ᠎ᠠ ᠶᠢᠨ ᠪᠠᠶᠢᠭᠤᠯᠤᠮᠵᠢ ᠲᠣᠭᠲᠠᠴᠠ ᠶᠢᠨ ᠭᠡᠮ ᠰᠣᠭᠤᠭ ᠢ ᠡᠷᠡᠰ ᠠᠷᠢᠯᠭᠠᠵᠤ᠂ ᠮᠠᠰᠢ ᠤᠯᠠᠨ ᠬᠦᠷᠢᠶᠡᠨ ᠳᠤ ᠲᠡᠦᠬᠡᠲᠦ ᠴᠢᠨᠠᠷᠲᠠᠢ ᠬᠤᠪᠢᠰᠤᠯᠲᠠ ᠶᠢ ᠪᠡᠶᠡᠯᠡᠭᠦᠯᠵᠦ᠂ ᠰᠢᠰᠲ᠋ᠧᠮᠲᠦ ᠴᠢᠨᠠᠷᠲᠠᠢ ᠪᠠᠷ ᠲᠠᠭᠢᠨ ᠴᠣᠭᠴᠠᠯᠠᠵᠤ᠂ ᠪᠦᠬᠦᠯᠢ ᠴᠣᠭᠴᠠᠲᠤ ᠴᠢᠨᠠᠷᠲᠠᠢ ᠪᠠᠷ ᠲᠠᠭᠢᠨ ᠴᠣᠭᠴᠠᠯᠠᠪᠠ᠃ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠲᠠᠰᠤᠷᠠᠯᠳᠠ ᠦᠭᠡᠢ ᠴᠢᠯᠦᠭᠡᠯᠡᠨ ᠬᠥᠭᠵᠢᠭᠦᠯᠵᠦ᠂ ᠨᠡᠶᠢᠭᠡᠮ ᠤᠨ ᠠᠮᠢᠵᠢᠷᠠᠯ ᠤᠨ ᠬᠦᠴᠦᠨ ᠢ ᠬᠥᠭᠵᠢᠭᠡᠨ ᠴᠢᠩᠭᠠᠷᠠᠭᠤᠯᠬᠤ ᠬᠡᠷᠡᠭᠲᠡᠢ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠴᠢᠬᠤᠯᠠ ᠶᠡᠭᠡ ᠥᠭᠡᠷᠡᠴᠢᠯᠡᠯᠲᠡ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ ᠵᠥᠪᠳᠡᠯᠴᠡᠨ᠂ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠲᠠᠢ ᠤᠶᠠᠯᠳᠤᠭᠤᠯᠤᠨ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠢ ᠥᠷᠨᠢᠭᠦᠯᠵᠦ᠂ ᠥᠭᠡᠷᠡᠴᠢᠯᠡᠯᠲᠡ ᠳᠤ ᠬᠦᠴᠦᠨ ᠨᠡᠮᠡᠷᠢᠯᠡᠵᠦ᠂ ᠨᠢᠭᠲᠠᠷᠠᠯ ᠤᠨ ᠬᠦᠴᠦᠨ ᠨᠡᠮᠡᠷᠢᠯᠡᠬᠦ ᠬᠡᠷᠡᠭᠲᠡᠢ ᠭᠡᠵᠦ ᠦᠵᠡᠪᠡ᠃      ᠬᠤᠷᠠᠯ ᠠᠴᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠪᠣᠯᠣᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠪᠦᠯᠬᠦᠮᠳᠡᠯ ᠪᠠ ᠠᠷᠠᠳᠴᠢᠯᠠᠯ ᠤᠨ ᠬᠤᠶᠠᠷ ᠶᠡᠭᠡ ᠭᠤᠣᠯ ᠰᠡᠳᠦᠪ ᠢ ᠪᠠᠷᠢᠮᠲᠠᠯᠠᠵᠤ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠢᠨᠵᠢ ᠴᠢᠨᠠᠷ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠨᠠᠮ ᠪᠣᠯᠣᠨ ᠤᠯᠤᠰ ᠤᠨ ᠠᠵᠢᠯ ᠤᠨ ᠶᠡᠭᠡ ᠲᠠᠯ᠎ᠠ ᠳᠤᠮᠳᠠ ᠠᠵᠢᠯ ᠢᠶᠠᠨ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠬᠦ᠂ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠥᠷᠨᠢᠭᠦᠯᠵᠦ᠂ ᠪᠦᠯᠬᠦᠮᠳᠡᠯ ᠨᠥᠬᠦᠷᠯᠡᠯ ᠤᠨ ᠥᠷᠭᠡᠴᠡ ᠭᠦᠨᠴᠡ ᠶᠢ ᠥᠷᠭᠡᠳᠬᠡᠨ᠂ ᠠᠵᠢᠯ ᠤᠨ ᠳᠦᠷᠢᠮᠵᠢᠯᠲᠡ᠂ ᠵᠢᠷᠤᠮᠵᠢᠭᠤᠯᠤᠯᠲᠠ᠂ ᠳᠡᠰ ᠳᠠᠷᠠᠭᠠᠯᠠᠯᠵᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠡᠯ᠎ᠡ ᠵᠦᠢᠯ ᠤᠨ ᠠᠵᠢᠯ ᠳᠤ ᠰᠢᠨ᠎ᠡ ᠦᠷ᠎ᠡ ᠪᠦᠲᠦᠮᠵᠢ ᠣᠯᠵᠤ᠂ ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠵᠦ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠵᠡᠢ ᠭᠡᠵᠦ ᠦᠵᠡᠪᠡ᠃      ᠬᠤᠷᠠᠯ ᠠᠴᠠ᠂ ᠡᠨᠡ ᠵᠢᠯ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠣᠯᠣᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾   ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠂ ᠪᠠᠰᠠ ᠴᠤ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠪᠣᠯᠣᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠶᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠡᠯ᠎ᠡ ᠲᠠᠯ᠎ᠠ ᠪᠠ ᠪᠦᠭᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠤᠨᠤᠯ ᠤᠨ ᠰᠤᠷᠤᠯᠴᠠᠯᠭ᠎ᠠ ᠪᠠ ᠤᠯᠤᠰ ᠲᠦᠷᠦ ᠶᠢᠨ ᠪᠣᠯᠪᠠᠰᠤᠷᠠᠯ ᠢ ᠪᠠᠶᠢᠩᠭᠤᠵᠢᠭᠤᠯᠤᠨ ᠥᠷᠨᠢᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠨᠡᠩ ᠰᠠᠶᠢᠨ ᠢᠶᠠᠷ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠲᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠴᠢᠳᠠᠪᠤᠷᠢ ᠪᠣᠯᠭᠠᠨ ᠬᠤᠪᠢᠷᠠᠭᠤᠯᠬᠤ ᠬᠡᠷᠡᠭᠲᠡᠢ᠃ ᠮᠠᠨ ᠤ ᠤᠯᠤᠰ ᠤᠨ ᠰᠢᠨ᠎ᠡ ᠭᠡᠯᠪᠡᠷᠢ ᠶᠢᠨ ᠲᠦᠷᠦ ᠶᠢᠨ ᠨᠠᠮ ᠤᠨ ᠳᠦᠷᠢᠮ ᠤᠨ ᠳᠠᠪᠠᠭᠤᠯᠢᠭ ᠢ ᠪᠠᠳᠠᠷᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠨ᠂ ᠨᠠᠮ ᠤᠨ ᠭᠠᠳᠠᠨᠠᠬᠢ ᠰᠡᠬᠡᠭᠡᠲᠡᠨ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ᠂ ᠨᠡᠶᠢᠭᠡᠮ ᠤᠨ ᠰᠢᠨ᠎ᠡ ᠠᠩᠭᠢ ᠳᠠᠪᠬᠤᠷᠭ᠎ᠠ ᠶᠢᠨ ᠬᠥᠮᠥᠰ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩᠴᠤᠳ ᠰᠢᠶᠠᠩᠭᠠᠩ ᠢᠶᠠᠨ ᠵᠠᠰᠠᠬᠤ︾᠂ ︽ᠣᠣᠮᠧᠨᠴᠤᠳ ᠣᠣᠮᠧᠨ ᠢᠶᠠᠨ ᠵᠠᠰᠠᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠪᠦᠭᠦ ᠲᠠᠯ᠎ᠠ ᠪᠠᠷ ᠣᠨᠣᠪᠴᠢᠲᠠᠢ ᠪᠥᠭᠡᠳ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ᠂ ᠲᠦᠷᠦ ᠶᠢᠨ ᠨᠠᠮ ᠤᠨ ᠬᠠᠷᠢᠴᠠᠭ᠎ᠠ᠂ ᠦᠨᠳᠦᠰᠦᠲᠡᠨ ᠤ ᠬᠠᠷᠢᠴᠠᠭ᠎ᠠ᠂ ᠱᠠᠰᠢᠨ ᠰᠤᠷᠲᠠᠬᠤᠨ ᠤ ᠬᠠᠷᠢᠴᠠᠭ᠎ᠠ᠂ ᠠᠩᠭᠢ ᠳᠠᠪᠬᠤᠷᠭ᠎ᠠ ᠶᠢᠨ ᠬᠠᠷᠢᠴᠠᠭ᠎ᠠ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠬ᠎ᠠ ᠳᠡᠭᠦᠦ ᠨᠠᠷ ᠤᠨ ᠬᠠᠷᠢᠴᠠᠭ᠎ᠠ ᠶᠢᠨ ᠡᠶ᠎ᠡ ᠵᠣᠬᠢᠴᠠᠩᠭᠤᠢ ᠪᠠᠶᠢᠬᠤ ᠶᠢ ᠠᠬᠢᠭᠤᠯᠵᠤ᠂ ᠬᠠᠮᠤᠭ ᠤᠨ ᠥᠷᠭᠡᠨ ᠳᠡᠯᠭᠡᠷ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ᠃ ᠭᠡᠰᠢᠭᠦᠳ ᠠᠴᠠ ᠡᠲᠡᠭᠡᠳ ᠢᠯᠭᠠᠯ ᠤᠨ ᠤᠯᠠᠨ ᠲᠦᠮᠡᠨ ᠲᠠᠢ ᠬᠠᠷᠢᠯᠴᠠᠬᠤ ᠠᠵᠢᠯ ᠪᠠ ᠭᠡᠰᠢᠭᠦᠳ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ  ︽ᠠᠷᠠᠳ ᠲᠦᠮᠡᠨ ᠳᠤ ᠦᠢᠯᠡᠴᠢᠯᠡᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠨᠠᠮ ᠪᠠ ᠵᠠᠰᠠᠭ ᠤᠨ ᠣᠷᠳᠣᠨ ᠢ ᠬᠠᠮᠵᠢᠨ ᠢᠲᠡᠭᠡᠯ ᠵᠣᠷᠢᠭ ᠢ ᠬᠥᠪᠴᠢᠯᠡᠬᠦ᠂ ᠬᠥᠮᠥᠰ ᠤᠨ ᠰᠡᠳᠬᠢᠯ ᠢ ᠨᠢᠭᠲᠠᠷᠠᠭᠤᠯᠬᠤ᠂ ᠡᠷᠡᠭᠡᠯᠵᠡᠭᠡ ᠲᠥᠭᠡᠷᠢᠭᠳᠡᠯ ᠢ ᠲᠠᠶᠢᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠭᠠᠳᠠᠭᠠᠳᠤ  ᠯᠤᠭ᠎ᠠ ᠶᠢᠨ ᠨᠥᠭᠦᠷᠰᠡᠭ ᠶᠠᠪᠤᠯᠴᠠᠭ᠎ᠠ ᠶᠢ ᠢᠳᠡᠪᠬᠢᠲᠡᠢ ᠥᠷᠨᠢᠭᠦᠯᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠢ ᠤᠬᠠᠭᠤᠯᠤᠨ ᠲᠠᠨᠢᠯᠴᠠᠭᠤᠯᠵᠤ᠂ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠤᠯᠤᠰ ᠤᠨ ᠳᠠᠭᠤᠨ ᠢ ᠰᠠᠶᠢᠲᠤᠷ ᠳᠠᠮᠵᠢᠭᠤᠯᠬᠤ ᠬᠡᠷᠡᠭᠲᠡᠢ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠬᠤᠯᠪᠣᠭᠳᠠᠯ ᠪᠦᠬᠦᠢ ᠠᠵᠢᠯᠯᠠᠭ᠎ᠠ ᠶᠢ ᠰᠠᠶᠢᠲᠤᠷ ᠪᠡᠯᠡᠳᠬᠡᠨ ᠵᠣᠬᠢᠶᠠᠨ ᠪᠠᠶᠢᠭᠤᠯᠵᠤ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠤᠨ᠂ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠨ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠢ ᠲᠠᠰᠤᠷᠠᠯᠳᠠ ᠦᠭᠡᠢ ᠤᠷᠤᠭᠰᠢᠯᠠᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃      ᠬᠤᠷᠠᠯ ᠠᠴᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠠ ᠪᠠᠶᠢᠭᠤᠯᠭ᠎ᠠ ᠶᠢᠨ ᠺᠠᠳ᠋ᠷ ᠤᠨ ︽ᠬᠤᠶᠠᠷ ᠡᠩᠨᠡᠭᠡ︾ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠶᠡᠷᠦᠩᠬᠡᠢ ᠱᠦᠵᠢ ᠰᠢ ᠶᠢᠨ ᠫᠢᠩ ᠤᠨ ︽ᠤᠯᠤᠰ ᠲᠦᠷᠦ ᠶᠢᠨ ᠵᠥᠪᠯᠡᠯᠭᠡᠨ ᠢ ᠣᠶᠢᠯᠠᠭᠠᠬᠤ᠂ ᠵᠥᠪᠯᠡᠯᠭᠡ ᠬᠢᠵᠦ ᠴᠢᠳᠠᠬᠤ᠂ ᠲᠦᠷᠦ ᠶᠢᠨ ᠶᠠᠪᠤᠳᠠᠯ ᠢ ᠵᠥᠪᠯᠡᠬᠦ ᠳᠡᠭᠡᠨ ᠴᠢᠳᠠᠮᠠᠭᠠᠢ᠂ ᠰᠠᠬᠢᠯᠭ᠎ᠠ ᠪᠠᠲᠤ ᠶᠢ ᠰᠠᠬᠢᠬᠤ᠂ ᠶᠣᠰᠣ ᠳᠦᠷᠢᠮ ᠢ ᠡᠷᠭᠢᠮᠯᠡᠭᠦ᠂ ᠬᠡᠪ ᠪᠣᠯᠪᠠᠰᠤᠷᠠᠯ ᠢ ᠴᠢᠬᠤᠯᠠᠴᠢᠯᠠᠬᠤ︾ ᠲᠤᠬᠠᠢ ᠴᠢᠬᠤᠯᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠲᠤᠰ ᠪᠡᠶ᠎ᠡ ᠶᠢᠨ ᠬᠡᠪ ᠪᠣᠯᠪᠠᠰᠤᠷᠠᠯ ᠪᠠ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠦᠨᠡᠨ ᠦᠭᠡ ᠬᠡᠯᠡᠵᠦ᠂ ᠪᠣᠳᠠᠲᠠᠢ ᠪᠠᠶᠢᠳᠠᠯ ᠢ ᠶᠠᠷᠢᠵᠤ᠂ ᠪᠣᠳᠠᠲᠠᠢ ᠠᠷᠭ᠎ᠠ ᠰᠦᠪᠡᠭᠴᠢᠯᠡᠵᠦ᠂ ᠬᠦᠴᠦᠯᠡᠨ ᠴᠢᠷᠮᠠᠶᠢᠵᠤ ᠵᠢᠳᠬᠦᠯ ᠴᠢᠷᠮᠠᠶᠢᠯᠭ᠎ᠠ ᠭᠠᠷᠭᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠬᠦ ᠬᠡᠷᠡᠭᠲᠡᠢ᠃ ᠪᠠᠶᠢᠭᠤᠯᠭ᠎ᠠ ᠶᠢᠨ ᠺᠠᠳ᠋ᠷᠴᠤᠳ ᠤᠨ ᠶᠡᠷᠦᠩᠬᠡᠢ ᠬᠡᠪ ᠪᠣᠯᠪᠠᠰᠤᠷᠠᠯ ᠪᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠤᠭᠢ ᠶᠢᠨ ᠳᠤᠮᠳᠠ ᠠᠴᠠ ᠰᠣᠳᠣ ᠶᠢ ᠡᠷᠢᠯᠬᠢᠯᠡᠬᠦ ᠶᠢ ᠡᠷᠬᠢᠮᠯᠡᠨ᠂ ᠰᠣᠳᠣ ᠰᠠᠶᠢᠬᠠᠨ ᠢ ᠬᠥᠭᠡᠭᠡᠴᠡᠯᠳᠦᠬᠦ ᠠᠵᠢᠯ ᠤᠨ ᠰᠤᠷᠲᠠᠯ ᠢ ᠰᠠᠨᠠᠭᠠᠴᠢᠯᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠢᠯᠠᠨ ᠳᠠᠪᠠᠭ᠋ᠤ ᠪᠠ ᠵᠠᠯᠠᠷᠠᠭᠤᠯᠤᠨ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠠᠬᠢᠭᠤᠯᠵᠤ᠂ ᠨᠠᠮ ᠢ ᠰᠠᠨᠠᠭ᠎ᠠ ᠠᠮᠤᠷ ᠪᠠᠶᠢᠯᠭᠠᠬᠤ᠂ ᠠᠷᠠᠳ ᠲᠦᠮᠡᠨ ᠳᠤ ᠬᠠᠨᠤᠮᠵᠢᠲᠠᠢ ᠵᠢᠱᠢᠶᠡᠴᠢ ᠪᠠᠶᠢᠭᠤᠯᠭ᠎ᠠ ᠶᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃      ᠬᠤᠷᠠᠯ ᠠᠴᠠ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠡᠯ᠎ᠡ ᠣᠷᠣᠯᠴᠠᠬᠰᠠᠨ ᠨᠢᠭᠡᠴᠢ᠂ ᠡᠯ᠎ᠡ ᠱᠠᠲᠤᠨ ᠤ ᠵᠣᠬᠢᠶᠠᠨ ᠪᠠᠶᠢᠭᠤᠯᠤᠯᠲᠠ ᠪᠠ ᠥᠷᠭᠡᠨ ᠤᠯᠠᠨ ᠭᠡᠰᠢᠭᠦᠳ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠢᠭᠡ ᠰᠡᠳᠬᠢᠯ ᠨᠢᠭᠡ ᠵᠣᠷᠢᠭ ᠢᠶᠠᠷ᠂ ᠤᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠰᠦᠭᠡᠢ ᠭᠡᠵᠦ ᠤᠷᠢᠶᠠᠯᠠᠪᠠ︕
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号