ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ︱  ᠲᠠᠷᠢᠶᠠᠯᠠᠩ ᠤᠨ ᠮᠠᠰᠢᠨ ᠢ ᠨᠢᠭᠡ ᠯᠡ ᠥᠷᠲᠡᠭᠡᠨ ᠳᠤ ᠫᠠᠶᠢᠰᠠ ᠡᠯᠭᠦᠨ ᠭᠦᠢᠴᠡᠳᠬᠡᠵᠦ ᠣᠯᠠᠨ ᠲᠦᠮᠡᠨ ᠳᠤ ᠳᠥᠭᠦᠮ ᠦᠵᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/3/12
     ᠬᠠᠪᠤᠷ ᠤᠨ ᠤᠷᠢᠬᠠᠨ ᠰᠠᠯᠬᠢᠨ ᠳᠤ ᠲᠦᠮᠡᠨ ᠪᠣᠳᠠᠰ ᠠᠮᠢᠯᠠᠨ ᠰᠡᠷᠭᠦᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠳᠠᠯ ᠦᠭᠡᠢ ᠬᠦᠷᠴᠦ ᠢᠷᠡᠬᠦ ᠳᠤ᠂ ᠲᠣᠮᠣ ᠬᠡᠯᠪᠡᠷᠢ ᠶᠢᠨ ᠲᠷᠠᠺᠲ᠋ᠣᠷ᠂ ᠬᠠᠳᠤᠵᠤ ᠬᠤᠷᠢᠶᠠᠬᠤ ᠬᠠᠮ ᠮᠠᠰᠢᠨ ᠤ ᠪᠣᠷᠤᠯᠠᠭᠤᠯᠭ᠎ᠠ ᠶᠢᠨ ᠬᠥᠭᠵᠢᠶᠡᠨᠲᠡᠢ ᠤᠯᠠᠷᠢᠯ ᠴᠤ ᠳᠠᠭᠠᠯᠳᠤᠨ ᠬᠦᠷᠴᠦ ᠢᠷᠡᠯ᠎ᠡ᠂ ᠲᠠᠷᠢᠶᠠᠯᠠᠩ ᠤᠨ ᠮᠠᠰᠢᠨ ᠤ ᠳᠠᠩᠰᠠᠯᠠᠯᠲᠠ ᠶᠢᠨ ᠠᠵᠢᠯ ᠪᠣᠯ ᠲᠠᠷᠢᠶᠠᠯᠠᠩ ᠤᠨ ᠮᠠᠰᠢᠨ ᠤ ᠠᠵᠢᠯᠯᠠᠭ᠎ᠠ ᠶᠢ ᠥᠷᠨᠢᠭᠦᠯᠬᠦ ᠶᠢᠨ ᠤᠷᠢᠲᠠᠯ ᠪᠠᠲᠤᠯᠠᠭ᠎ᠠ ᠮᠥᠨ᠃      ᠤᠯᠠᠨ ᠲᠦᠮᠡᠨ ᠳᠤ ᠨᠡᠩ ᠰᠠᠶᠢᠨ ᠦᠢᠯᠡᠴᠢᠯᠡᠵᠦ᠂ ᠤᠯᠠᠨ ᠲᠦᠮᠡᠨ ᠤ ᠲᠠᠷᠢᠶᠠᠯᠠᠩ ᠤᠨ ᠮᠠᠰᠢᠨ ᠤ ᠳᠠᠩᠰᠠᠯᠠᠯᠲᠠ ᠶᠢᠨ ᠲᠤᠬᠠᠶᠢᠯᠠᠭᠰᠠᠨ ᠠᠵᠢᠯ ᠵᠡᠷᠭᠡ ᠬᠤᠯᠪᠣᠭᠳᠠᠯ ᠪᠦᠬᠦᠢ ᠭᠠᠷ ᠭᠦᠢᠴᠡᠳᠬᠡᠯ ᠬᠢᠬᠦ ᠳᠤ ᠲᠦᠬᠦᠮ ᠦᠵᠡᠭᠦᠯᠬᠦ ᠶᠢᠨ ᠲᠥᠯᠥᠭᠡ᠂ ᠦᠴᠦᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠬᠢᠨᠠᠨ ᠵᠥᠪᠰᠢᠶᠡᠷᠡᠬᠦ ᠶᠠᠪᠤᠴᠠ ᠵᠢᠴᠢ ᠮᠠᠲ᠋ᠧᠷᠢᠶᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠭᠤᠭᠴᠤᠭ᠎ᠠ ᠪᠠ ᠨᠥᠬᠦᠴᠡᠯ ᠢ ᠴᠣᠮᠬᠠᠳᠬᠠᠵᠤ᠂ ᠲᠠᠷᠢᠶᠠᠯᠠᠩ ᠤᠨ ᠮᠠᠰᠢᠨ ᠢ ᠬᠢᠨᠠᠨ ᠰᠢᠯᠭᠠᠬᠤ᠂ ᠨᠣᠮᠧᠷ ᠤᠨ ᠫᠠᠶᠢᠰᠠ ᠶᠢ ᠬᠢᠨᠠᠨ ᠣᠯᠭᠤᠬᠤ ᠵᠡᠷᠭᠡ ᠭᠤᠭᠴᠤᠭ᠎ᠠ ᠶᠢ ︽ᠨᠢᠭᠡ ᠯᠡ ᠤᠳᠠᠭ᠎ᠠ ᠳᠤ ᠬᠦᠯᠢᠶᠡᠨ ᠠᠪᠴᠤ ᠰᠢᠢᠳᠪᠦᠷᠢᠯᠡᠨ᠂ ᠨᠢᠭᠡ ᠯᠡ ᠤᠳᠠᠭ᠎ᠠ ᠳᠤ ᠰᠠᠶᠢᠲᠤᠷ ᠭᠦᠢᠴᠡᠳᠬᠡᠬᠦ︾ ᠶᠢ ᠪᠡᠶᠡᠯᠡᠭᠦᠯᠵᠦ᠂ ᠤᠯᠠᠨ ᠲᠦᠮᠡᠨ ᠳᠤ ᠶᠡᠭᠡ ᠬᠡᠮᠵᠢᠶᠡᠨ ᠤ ᠬᠥᠮᠥᠨ ᠤ ᠬᠦᠴᠦ ᠪᠣᠳᠠᠰ ᠤᠨ ᠬᠦᠴᠦᠨ ᠢ ᠠᠷᠪᠢᠯᠠᠵᠤ ᠥᠭᠪᠡ᠃       ᠬᠥᠬᠡ ᠡᠷᠭᠢ ᠪᠠᠯᠭᠠᠰᠤᠨ ᠤ ᠹᠦ᠋ ᠷᠦ᠋ ᠳ᠋ᠦᠩ ᠲᠣᠰᠬᠤᠨ ᠳᠤ ᠰᠠᠭᠤᠵᠤ ᠪᠠᠶᠢᠭ᠎ᠠ ᠸᠠᠩ ᠣᠪᠣᠭᠲᠤ ᠨᠠᠰᠤᠲᠠᠨ ᠲᠷᠠᠺᠲ᠋ᠣᠷ ᠪᠠ ᠬᠠᠳᠤᠵᠤ ᠬᠤᠷᠢᠶᠠᠬᠤ ᠬᠠᠮ ᠮᠠᠰᠢᠨ ᠢ ᠳᠠᠩᠰᠠᠯᠠᠬᠤ ᠠᠵᠢᠯ ᠢ ᠬᠢᠬᠦ ᠪᠠᠷ ᠢᠷᠡᠬᠦ ᠳᠡᠭᠡᠨ  ᠄ ︽ᠣᠳᠣᠬᠠᠨ ᠳᠤ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ᠂ ᠮᠠᠰᠢᠨ ᠲᠡᠷᠭᠡ ᠬᠤᠳᠠᠯᠳᠤᠨ ᠠᠪᠤᠭᠰᠠᠨ ᠪᠠᠷᠢᠮᠲᠠ ᠶᠢᠨ ᠤᠭ ᠮᠠᠲ᠋ᠧᠷᠢᠶᠠᠯ᠂ ᠮᠠᠰᠢᠨ ᠲᠡᠷᠭᠡᠨ ᠤ ᠦᠢᠯᠡᠳᠪᠦᠷᠢ ᠠᠴᠠ ᠭᠠᠷᠬᠤ ᠳᠤ ᠬᠢᠷᠢ ᠲᠡᠩᠴᠡᠭᠰᠡᠨ ᠦᠨᠡᠮᠯᠡᠯ ᠤᠨ ᠤᠭ ᠮᠠᠲ᠋ᠧᠷᠢᠶᠠᠯ᠂ ᠮᠠᠰᠢᠨ ᠲᠡᠷᠭᠡᠨ ᠤ ᠬᠡᠷᠡᠯ ᠵᠢᠷᠤᠭ ᠵᠡᠷᠭᠡ ᠮᠠᠲ᠋ᠧᠷᠢᠶᠠᠯ ᠢᠶᠠᠨ ᠠᠪᠴᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠶᠡᠷᠦᠩᠬᠡᠶᠢᠯᠡᠭᠰᠡᠨ ᠴᠣᠩᠬᠤᠨ ᠳᠤ ᠬᠦᠷᠴᠦ ᠭᠦᠢᠴᠡᠳᠬᠡᠪᠡᠯ ᠪᠣᠯᠴᠢᠬᠠᠨ᠎ᠠ᠂ ᠡᠨᠡ ᠨᠢ ᠪᠢᠳᠡᠨ ᠳᠤ ᠮᠠᠰᠢ ᠣᠯᠠᠨ ᠴᠠᠭ ᠠᠷᠪᠢᠯᠠᠵᠤ ᠥᠭᠭᠦᠭᠰᠡᠨ ᠶᠤᠮ᠂ ᠲᠠᠷᠢᠶᠠᠯᠠᠩ ᠤᠨ ᠮᠠᠰᠢᠨ ᠢ ᠨᠢᠭᠡ ᠯᠡ ᠥᠷᠲᠡᠭᠡᠨ ᠳᠤ ᠫᠠᠶᠢᠰᠠ ᠡᠯᠭᠦᠨ ᠭᠦᠢᠴᠡᠳᠬᠡᠬᠦ ᠨᠢ ᠦᠨᠡᠬᠡᠷ ᠠᠮᠠᠷ ᠮᠥᠷᠲᠡᠭᠡᠨ ᠬᠦᠴᠦ ᠠᠷᠪᠢᠯᠠᠨ᠎ᠠ︾ ᠭᠡᠵᠦ ᠪᠠᠶᠠᠷᠲᠠᠢ ᠪᠠᠷ ᠬᠡᠯᠡᠪᠡ᠃      ᠬᠠᠪᠤᠷ ᠤᠨ ᠤᠯᠠᠷᠢᠯ ᠳᠤ ᠠᠵᠢᠯ ᠡᠬᠢᠯᠡᠭᠰᠡᠨ ᠠᠴᠠ ᠨᠠᠰᠢ᠂ ᠦᠴᠦᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠲᠷᠠᠺᠲ᠋ᠣᠷ ᠵᠢᠴᠢ ᠬᠠᠳᠤᠵᠤ ᠬᠤᠷᠢᠶᠠᠬᠤ ᠬᠠᠮ ᠮᠠᠰᠢᠨ ᠤ ᠨᠣᠮᠧᠷ ᠤᠨ ᠫᠠᠶᠢᠰᠠ ᠶᠢᠨ ᠳᠠᠩᠰᠠᠯᠠᠯᠲᠠ ᠶᠢ ᠨᠢᠭᠡᠨᠲᠡ 20 ᠭᠠᠷᠤᠢ ᠭᠦᠢᠴᠡᠳᠬᠡᠵᠡᠢ᠃      ᠣᠳᠣᠬᠠᠨ ᠳᠤ ᠬᠡᠳᠦᠶᠢᠪᠡᠷ ᠠᠭᠠᠷ ᠤᠨ ᠳᠤᠯᠠᠭᠠᠨ ᠨᠡᠯᠢᠶᠡᠳ ᠳᠣᠣᠷ᠎ᠠ ᠠᠴᠠ ᠲᠠᠷᠢᠶᠠᠴᠢᠳ ᠲᠠᠷᠢᠶᠠᠨ ᠳᠠᠭᠠᠨ ᠲᠠᠷᠢᠶᠠᠯᠠᠭ᠎ᠠ ᠦᠭᠡᠢ ᠪᠣᠯᠪᠠᠴᠤ ᠤᠯᠠᠨ ᠢᠶᠠᠷ ᠢᠶᠠᠨ ᠮᠥᠨ ᠴᠦ ᠪᠡᠯᠡᠳᠬᠡᠯ ᠠᠵᠢᠯ ᠢᠶᠠᠨ ᠢᠳᠡᠪᠬᠢᠲᠡᠢ ᠰᠠᠶᠢᠨ ᠬᠢᠵᠦ᠂ ᠰᠢᠨ᠎ᠡ ᠨᠢᠭᠡ ᠵᠢᠯ ᠤᠨ ᠲᠠᠷᠢᠶᠠᠯᠠᠩ ᠤᠨ ᠦᠢᠯᠡᠳᠪᠦᠷᠢᠯᠡᠯ ᠳᠤ ᠰᠠᠭᠤᠷᠢ ᠲᠠᠯᠪᠢᠵᠤ ᠥᠭᠴᠡᠢ᠃ ᠦᠴᠦᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢᠨ ᠥᠷᠭᠡᠴᠡ ᠪᠠ ᠭᠦᠨᠴᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠯᠠᠨ ᠲᠦᠮᠡᠨ ᠤ ᠲᠥᠯᠥᠭᠡ ᠰᠠᠨᠳᠤᠷᠴᠤ᠂ ᠣᠯᠠᠨ ᠲᠦᠮᠡᠨ ᠤ ᠬᠡᠷᠡᠭᠴᠡᠭᠡ ᠶᠢ ᠬᠠᠩᠭᠠᠵᠤ᠂ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢᠨ ᠶᠠᠪᠤᠴᠠ ᠶᠢ ᠢᠳᠡᠪᠬᠢᠲᠡᠢ ᠬᠠᠶᠢᠨ ᠰᠦᠪᠡᠭᠴᠢᠯᠡᠵᠦ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠰᠠᠨᠠᠭᠰᠠᠨ ᠢᠶᠠᠷ ᠭᠠᠷᠳᠠᠨ ᠬᠢᠬᠦ ᠴᠡᠭ ᠪᠣᠯᠭᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠲᠠᠷᠢᠶᠠᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ᠂ ᠮᠠᠯ ᠤᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ᠂ ᠦᠷ᠎ᠡ ᠶᠢᠨ ᠦᠢᠯᠡᠳᠪᠦᠷᠢᠯᠡᠯ ᠡᠵᠡᠩᠨᠡᠯᠲᠡ ᠶᠢ ᠳᠠᠩᠰᠠᠯᠠᠬᠤ ᠵᠡᠷᠭᠡ ᠥᠨᠳᠥᠷ ᠳᠠᠪᠲᠠᠮᠵᠢᠲᠤ ᠵᠦᠢᠯᠡᠰ ᠲᠤ ᠴᠢᠭᠯᠡᠭᠦᠯᠵᠦ᠂ ᠵᠦᠢᠯᠡᠰ ᠢ ᠭᠦᠢᠴᠡᠳᠬᠡᠬᠦ ᠵᠦᠭᠯᠡᠭᠦᠷ ᠢ ᠨᠠᠷᠢᠨ ᠨᠢᠮᠪᠠᠢ ᠵᠣᠬᠢᠶᠠᠬᠤ ᠶᠢᠨ ᠬᠠᠮᠲᠤ ᠤᠬᠠᠭᠤᠯᠵᠤ᠂ ᠭᠤᠶᠤᠴᠢᠯᠠᠬᠤ ᠨᠥᠬᠦᠴᠡᠯ᠂ ᠮᠠᠲ᠋ᠧᠷᠢᠶᠠᠯ᠂ ᠴᠤᠪᠤᠷᠠᠯ ᠵᠡᠷᠭᠡ ᠠᠭᠤᠯᠭ᠎ᠠ ᠶᠢ ᠬᠠᠮᠤᠷᠴᠤ᠂ ᠭᠤᠶᠤᠴᠢᠯᠠᠭᠴᠢ ᠶᠢ ︽ᠭᠡᠷ ᠠᠴᠠ ᠪᠠᠨ ᠭᠠᠷᠬᠤ ᠦᠭᠡᠢ︾ ᠪᠠᠷ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠶᠠᠪᠤᠴᠠ ᠶᠢ ᠣᠶᠢᠯᠠᠭᠠᠭᠤᠯᠤᠨ᠎ᠠ᠃ ︵ᠶᠠᠩ ᠯᠢ ᠹᠠᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号