ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ 2024 ᠣᠨ ᠤ 6 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/12
     3 ᠰᠠᠷ᠎ᠠ ᠶᠢᠨ 5 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 6 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ︽ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠡᠷᠡᠯ ᠴᠡᠨᠡᠭ ᠢᠶᠠᠷ ᠬᠠᠪᠰᠤᠷᠤᠨ ᠲᠡᠳᠬᠦᠬᠦ ᠠᠵᠢᠯ ᠢ ᠨᠠᠶᠢᠳᠠᠪᠤᠷᠢᠵᠢᠭᠤᠯᠬᠤ ᠲᠥᠰᠥᠯ︾ ᠢ ᠬᠢᠨᠠᠨ ᠵᠥᠪᠯᠡᠵᠦ᠂ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠠᠰᠢᠭ ᠣᠷᠣᠯᠭ᠎ᠠ ᠶᠢᠨ ᠪᠡᠯᠡ ᠮᠥᠩᠭᠦ ᠶᠢᠨ ᠲᠣᠬᠢᠷᠠᠭᠤᠯᠤᠯᠲᠠ ᠶᠢᠨ ᠲᠥᠷᠥᠯ ᠵᠦᠢᠯ ᠢ ᠰᠤᠳᠤᠯᠵᠤ᠂ ᠦ᠋ ᠯᠢ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ︵ᠥᠪᠥᠷ ᠮᠣᠩᠭᠤᠯ︶ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠠᠶᠢᠭᠤᠯᠬᠤ ᠬᠠᠮᠢᠶ᠎ᠠ ᠪᠦᠬᠦᠢ ᠤᠴᠢᠷ ᠶᠠᠪᠤᠳᠠᠯ ᠢ ᠰᠤᠳᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠤᠨ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠣᠨᠣᠪᠴᠢᠲᠠᠶ ᠡᠵᠡᠮᠰᠢᠵᠦ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠶᠣᠰᠣᠭᠠᠷ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠨᠠᠷᠢᠨ ᠬᠢᠨᠠᠮᠠᠭᠠᠢ ᠰᠤᠳᠤᠯᠤᠨ ᠪᠠᠶᠢᠷᠢᠯᠠᠭᠤᠯᠵᠤ᠂ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠵᠢᠷᠤᠮᠵᠢᠭᠤᠯᠤᠨ᠂ ᠢᠯᠠᠩᠭᠤᠶ᠎ᠠ ᠪᠦᠲᠦᠭᠡᠨ ᠪᠠᠶᠢᠭᠤᠯᠤᠯᠲᠠ ᠶᠢᠨ ᠭᠠᠵᠠᠷ ᠰᠣᠩᠭᠤᠬᠤ ᠲᠠᠯ᠎ᠠ ᠪᠠᠷ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠠᠵᠢᠯ ᠤᠨ ᠠᠷᠭ᠎ᠠ ᠶᠢᠨ ᠰᠢᠨ᠎ᠡ ᠶᠢ ᠡᠭᠦᠳᠴᠦ᠂ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠡᠷᠡᠯ ᠴᠡᠨᠡᠭ ᠤᠨ ᠲᠥᠷᠥᠯ ᠵᠦᠢᠯ ᠤᠨ ᠣᠯᠠᠨ ᠲᠦᠮᠡᠨ ᠳᠤ ᠨᠠᠩ ᠰᠠᠶᠢᠨ ᠠᠰᠢᠭ ᠬᠦᠷᠲᠡᠭᠡᠬᠦ ᠶᠢ ᠪᠠᠲᠤᠯᠠᠬᠤ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠥᠪᠯᠡᠬᠦ ᠵᠦᠢᠯ ᠢ ᠰᠤᠳᠤᠯᠪᠠ᠃ ︵ᠰᠤᠷᠪᠤᠯᠵᠢᠯᠠᠭᠴᠢ᠄ ᠵᠤᠤ ᠯᠧ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号