︽ᠬᠤᠶᠠᠷ ᠡᠳᠦᠷ ᠤᠨ ᠵᠢᠭᠤᠯᠴᠢᠯᠠᠯ ᠳᠤ 100 ᠭᠠᠷᠤᠢ ᠲᠥᠭᠦᠷᠢᠭ ᠯᠡ ᠬᠡᠷᠡᠭᠯᠡᠨ᠎ᠡ︾᠂ ︽ᠦᠨ᠎ᠡ ᠲᠥᠯᠥᠪᠦᠷᠢ | ᠦᠭᠡᠢ ᠪᠠᠷ ᠪᠡᠶ᠎ᠡ ᠰᠤᠪᠢᠯᠠᠬᠤ ᠵᠢᠭᠤᠯᠴᠢᠯᠠᠯ ᠳᠤ ᠶᠠᠪᠤᠶ᠎ᠠ︾ ᠁ ᠦᠵᠡᠬᠦ ᠳᠤ ᠬᠥᠮᠥᠨ ᠤ ᠰᠡᠳᠬᠢᠯ ᠢ | ᠬᠥᠳᠡᠯᠭᠡᠮ᠎ᠡ ᠬᠢᠮᠳᠠ ᠦᠨ᠎ᠡ ᠶᠢᠨ ᠵᠢᠭᠤᠯᠴᠢᠯᠠᠯ ᠤᠨ ᠠᠷᠤ ᠳᠤ ᠬᠡᠷᠡᠭᠯᠡᠭᠡᠨ ᠤ ︽ᠤᠨᠠᠭᠤᠯᠢ︾ ᠨᠢᠭᠤᠭᠳᠠᠵᠤ ᠪᠠᠶᠢᠬᠤ | ᠪᠣᠯᠣᠯᠴᠠᠭ᠎ᠠ ᠲᠠᠢ᠃ | ᠵᠠᠷᠢᠮ ᠬᠠᠤᠯᠢ ᠪᠤᠰᠤ ᠡᠲᠡᠭᠡᠳ ᠤᠷᠢᠳ ᠢᠶᠠᠷ ᠬᠢᠮᠳᠠ ᠦᠨ᠎ᠡ᠂ ᠦᠨ᠎ᠡ ᠲᠥᠯᠥᠪᠦᠷᠢ ᠦᠭᠡᠢ ᠭᠡᠳᠡᠭ ᠦᠭᠡ | ᠪᠠᠷ ᠨᠠᠰᠤᠲᠠᠶᠢᠴᠤᠳ ᠢ ᠠᠷᠭᠠᠳᠠᠨ ᠵᠢᠭᠤᠯᠴᠢᠯᠠᠯ ᠳᠤ ᠶᠠᠪᠤᠭᠤᠯᠵᠤ᠂ ᠳᠠᠷᠠᠭ᠎ᠠ ᠨᠢ ᠢᠳᠡᠵᠦ ᠤᠤᠭᠤᠬᠤ ᠬᠤᠨᠣᠵᠤ | ᠬᠡᠪᠲᠡᠬᠦ᠂ ᠦᠵᠡᠮᠵᠢ ᠶᠢᠨ ᠭᠠᠵᠠᠷ ᠢᠶᠠᠷ ᠲᠣᠭᠤᠷᠢᠨ ᠦᠵᠡᠬᠦ ᠵᠡᠷᠭᠡ ᠵᠠᠷᠤᠳᠠᠯ ᠢ ᠢᠯᠡᠭᠦᠦ ᠬᠤᠷᠢᠶᠠᠵᠤ᠂ ᠴᠢᠨᠠᠭᠰᠢᠯᠠᠪᠠᠯ | ᠬᠠᠷᠢᠯᠴᠠᠨ ᠬᠤᠤᠪᠢᠯᠳᠤᠵᠤ ᠨᠠᠰᠤᠲᠠᠶᠢᠴᠤᠳ ᠲᠤ ᠡᠷᠡᠭᠦᠯᠵᠢᠯ ᠤᠨ ᠡᠳ᠋᠂ ᠨᠠᠰᠤᠵᠢᠯ ᠤᠨ ᠠᠰᠠᠷᠠᠮᠵᠢ ᠶᠢᠨ ᠵᠦᠢᠯᠡᠰ | ᠵᠡᠷᠭᠡ ᠨᠡᠯᠢᠶᠡᠳ ᠶᠡᠭᠡ ᠬᠡᠮᠵᠢᠶᠡᠨ ᠤ ᠦᠢᠯᠡᠳᠬᠦᠨ ᠢ ᠬᠤᠳᠠᠯᠳᠤᠨ ᠥᠭᠴᠦ ᠬᠠᠭᠤᠷᠤᠨ ᠮᠡᠬᠡᠯᠡᠳᠡᠭ᠃ | ᠦᠨᠡᠨ ᠳᠡᠭᠡᠨ ᠬᠢᠮᠳᠠ ᠦᠨ᠎ᠡ ᠶᠢᠨ ᠵᠢᠭᠤᠯᠴᠢᠯᠠᠯ ᠶᠡᠭᠡ ᠰᠠᠶᠢᠨ᠃ ᠵᠢᠭᠤᠯᠴᠢᠯᠠᠯ ᠤᠨ ᠠᠵᠤ ᠠᠬᠤᠶᠢᠯᠠᠯ | ᠬᠡᠷᠪᠡ ᠡᠵᠡᠩᠨᠡᠯᠲᠡ ᠶᠢᠨ ᠠᠷᠭ᠎ᠠ ᠭᠡᠯᠪᠡᠷᠢ ᠶᠢᠨ ᠰᠢᠨ᠎ᠡ ᠶᠢ ᠡᠭᠦᠳᠴᠦ᠂ ᠬᠡᠷᠡᠭᠯᠡᠭᠴᠢᠳ ᠠᠴᠠ ᠪᠠᠭ᠎ᠠ ᠵᠣᠭᠤᠰ ᠠᠪᠴᠤ | ᠬᠠᠨᠤᠮᠵᠢᠳᠠᠢ ᠰᠠᠶᠢᠬᠠᠨ ᠵᠢᠭᠤᠯᠴᠢᠯᠠᠭᠤᠯᠵᠤ ᠳᠡᠶᠢᠯᠭᠦ ᠳᠤ ᠭᠦᠷᠪᠡᠯ ᠦᠪᠡᠰᠦᠪᠠᠨ ᠠᠰᠢᠭ ᠣᠯᠵᠤ ᠨᠡᠷ᠎ᠡ ᠨᠥᠯᠥᠭᠡ | ᠪᠠᠨ ᠥᠷᠭᠡᠳᠬᠡᠵᠦ ᠳᠡᠶᠢᠯᠭᠦ ᠪᠠᠷ ᠦᠯᠦ ᠪᠠᠷᠠᠮ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠥᠷᠢᠰᠦᠯᠳᠦᠭᠡᠨ ᠢ ᠴᠦ | ᠠᠬᠢᠭᠤᠯᠵᠤ ᠴᠢᠳᠠᠨ᠎ᠠ᠃ ᠭᠡᠪᠡᠴᠦ ᠬᠢᠮᠳᠠ ᠦᠨ᠎ᠡ ᠪᠠᠷ ᠵᠢᠭᠤᠯᠴᠢᠯᠠᠬᠤ ᠶᠠᠪᠤᠳᠠᠯ ᠨᠢ ᠬᠤᠳᠠᠯ ᠬᠠᠭᠤᠷᠮᠠᠭ ᠢᠶᠠᠷ | ᠤᠬᠠᠭᠤᠯᠬᠤ᠂ ᠨᠡᠶᠢᠯᠡᠭᠦᠯᠦᠨ ᠪᠣᠷᠣᠯᠠᠭᠤᠯᠬᠤ ᠵᠡᠷᠭᠡ ᠵᠦᠢ ᠵᠣᠬᠢᠰ ᠦᠭᠡᠢ ᠠᠵᠢᠯᠯᠠᠭ᠎ᠠ ᠬᠢᠬᠦ᠂ ᠴᠢᠨᠠᠭᠰᠢᠯᠠᠪᠠᠯ | ᠵᠢᠭᠤᠯᠴᠢᠯᠠᠬᠰᠠᠳ ᠲᠤ ᠦᠢᠯᠡᠴᠢᠯᠡᠬᠦ ᠭᠠᠵᠠᠷ᠂ ᠵᠢᠭᠤᠯᠴᠢᠯᠠᠯ ᠤᠨ ᠬᠥᠲᠥᠴᠢ ᠪᠠ ᠳᠡᠯᠭᠡᠭᠦᠷ ᠢ ᠬᠤᠯᠪᠣᠭᠰᠠᠨ ᠬᠠᠤᠯᠢ | ᠪᠤᠰᠤ ᠠᠰᠢᠭ ᠲᠤᠰᠠ ᠶᠢᠨ ᠬᠡᠯᠬᠢᠶ᠎ᠡ ᠶᠢ ᠪᠤᠶ ᠪᠣᠯᠭᠠᠪᠠᠯ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠰᠠᠮᠠᠭᠤᠷᠠᠭᠤᠯᠤᠨ᠂ ᠵᠢᠭᠤᠯᠴᠢᠯᠠᠯ ᠤᠨ ᠦᠵᠡᠮᠵᠢ ᠶᠢᠨ ᠭᠠᠵᠠᠷ ᠤᠨ ᠳᠦᠷᠢ ᠲᠥᠷᠬᠦ ᠶᠢ ᠬᠤᠬᠢᠷᠠᠭᠤᠯᠬᠤ ᠪᠣᠯᠣᠨ᠎ᠠ᠃ | ᠨᠠᠰᠤᠲᠠᠶᠢᠴᠤᠳ ᠪᠣᠯ ᠵᠦᠢ ᠵᠣᠬᠢᠰ ᠦᠭᠡᠢ ᠳᠣᠣᠷ᠎ᠠ ᠦᠨ᠎ᠡ ᠶᠢᠨ ᠵᠢᠭᠤᠯᠴᠢᠯᠠᠯ ᠤᠨ ᠴᠢᠬᠤᠯᠠ ᠬᠠᠷᠠᠯᠲᠠ | ᠪᠤᠯᠬᠤ ᠶᠤᠮ᠃ ᠲᠤᠭ᠎ᠠ ᠪᠦᠷᠢᠳᠬᠡᠯ ᠳᠤ ᠢᠯᠡᠷᠡᠭᠦᠯᠦᠭᠰᠡᠨ ᠢᠶᠠᠷ᠂ 2021 ᠣᠨ ᠳᠤ 45 ᠨᠠᠰᠤᠨ ᠠᠴᠠ | ᠳᠡᠭᠡᠭᠰᠢᠬᠢ ᠢᠳᠡᠷ ᠥᠲᠡᠯᠦᠭᠡ ᠨᠠᠰᠤᠨ ᠤ ᠵᠢᠭᠤᠯᠴᠢᠯᠠᠭᠴᠢ ᠨᠡᠶᠢᠲᠡ 11.94 ᠳ᠋ᠦᠩᠰᠢᠭᠤᠷ ᠬᠥᠮᠥᠨ ᠤᠳᠠᠭ᠎ᠠ | ᠵᠢᠭᠤᠯᠴᠢᠯᠠᠵᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠤᠨ ᠵᠠᠬ᠎ᠠ ᠳᠡᠯᠭᠡᠭᠦᠷ ᠤᠨ 36.81% ᠶᠢ | ᠡᠵᠡᠯᠡᠪᠡ᠃ ᠢᠳᠡᠷ ᠥᠲᠡᠯᠦᠭᠡ ᠨᠠᠰᠤᠨ ᠤ ᠵᠢᠭᠤᠯᠴᠢᠯᠠᠭᠴᠢ ᠨᠢᠭᠡᠨᠲᠡ ᠵᠢᠭᠤᠯᠴᠢᠯᠠᠯ ᠤᠨ ᠵᠠᠬ᠎ᠠ ᠳᠡᠯᠭᠡᠭᠦᠷ ᠤᠨ | ᠴᠢᠬᠤᠯᠠ ᠬᠡᠷᠡᠭᠯᠡᠭᠴᠢ ᠪᠣᠯᠵᠠᠢ᠃ ᠭᠡᠪᠡᠴᠦ ᠨᠡᠯᠢᠶᠡᠳ ᠣᠯᠠᠨ ᠨᠠᠰᠤᠲᠠᠶᠢᠴᠤᠳ ᠤᠨ ᠵᠢᠭᠤᠯᠴᠢᠯᠠᠯ ᠤᠨ ᠲᠤᠷᠰᠢᠯᠭ᠎ᠠ | ᠨᠢ ᠲᠡᠶᠢᠮᠦ ᠪᠠᠶᠠᠯᠢᠭ ᠪᠢᠰᠢ᠂ ᠵᠢᠭᠤᠯᠴᠢᠯᠠᠬᠰᠠᠳ ᠲᠤ ᠦᠢᠯᠡᠴᠢᠯᠡᠬᠦ ᠡᠵᠡᠩᠨᠡᠯᠲᠡ ᠶᠢᠨ ᠭᠠᠵᠠᠷ᠂ ᠵᠢᠭᠤᠯᠴᠢᠯᠠᠯ ᠤᠨ | ᠬᠥᠲᠥᠴᠢ ᠳᠤ ᠲᠦᠰᠢᠭᠯᠡᠬᠦ ᠴᠢᠨᠠᠷ ᠢᠶᠠᠷ ᠨᠠᠩ ᠴᠢᠩᠭ᠎ᠠ ᠪᠠᠶᠢᠵᠤ᠂ ᠬᠠᠤᠯᠢ ᠪᠤᠰᠤ ᠡᠲᠡᠭᠡᠳ ᠲᠤ ᠠᠮᠠᠷᠬᠠᠨ | ᠮᠡᠬᠡᠯᠡᠭᠳᠡᠳᠡᠭ᠃ | ᠵᠢᠭᠤᠯᠴᠢᠯᠠᠯ ᠤᠨ ᠬᠠᠤᠯᠢ ᠶᠢᠨ ᠭᠤᠴᠢᠨ ᠲᠠᠪᠤᠳᠤᠭᠠᠷ ᠵᠦᠢᠯ ᠳᠤ᠂ ᠵᠢᠭᠤᠯᠴᠢᠯᠠᠬᠰᠠᠳ ᠲᠤ ᠦᠢᠯᠡᠴᠢᠯᠡᠬᠦ | ᠡᠵᠡᠩᠨᠡᠯᠲᠡ ᠶᠢᠨ ᠭᠠᠵᠠᠷ ᠵᠦᠢ ᠵᠣᠬᠢᠰ ᠦᠭᠡᠢ ᠳᠣᠣᠷ᠎ᠠ ᠦᠨ᠎ᠡ ᠶᠢᠨ ᠵᠢᠭᠤᠯᠴᠢᠯᠠᠯ ᠤᠨ ᠠᠵᠢᠯᠯᠠᠭ᠎ᠠ ᠶᠢ ᠵᠣᠬᠢᠶᠠᠨ | ᠪᠠᠶᠢᠭᠤᠯᠵᠤ᠂ ᠵᠢᠭᠤᠯᠴᠢᠯᠠᠭᠴᠢ ᠶᠢ ᠮᠡᠬᠡᠯᠡᠬᠦ ᠶᠢᠨ ᠬᠠᠮᠲᠤ ᠪᠠᠷᠠᠭ᠎ᠠ ᠬᠤᠳᠠᠯᠳᠤᠨ ᠠᠪᠬᠤ ᠪᠠᠷ ᠲᠣᠬᠢᠷᠠᠭᠤᠯᠬᠤ ᠪᠤᠶᠤ | ᠠᠰᠲᠠᠭᠠᠨ ᠵᠠᠷᠤᠳᠠᠯ ᠲᠤᠰᠢᠶᠠᠬᠤ ᠵᠢᠭᠤᠯᠴᠢᠯᠠᠯ ᠤᠨ ᠵᠦᠢᠯᠡᠰ ᠢ ᠲᠣᠬᠢᠷᠠᠭᠤᠯᠬᠤ ᠪᠠᠷ ᠳᠠᠮᠵᠢᠭᠤᠯᠤᠨ ᠬᠠᠷᠢᠭᠤ | ᠬᠠᠷᠠᠮᠵᠢ ᠵᠡᠷᠭᠡ ᠵᠦᠢ ᠪᠤᠰᠤ ᠠᠰᠢᠭ ᠣᠯᠵᠤ ᠪᠤᠯᠬᠤ ᠦᠭᠡᠢ ᠭᠡᠵᠦ ᠲᠣᠳᠣᠷᠬᠠᠢ ᠲᠣᠭᠲᠠᠭᠠᠵᠠᠢ᠃ | ᠨᠠᠰᠤᠲᠠᠶᠢᠴᠤᠳ ᠤᠨ ᠵᠢᠭᠤᠯᠴᠢᠯᠠᠯ ᠤᠨ ᠬᠢᠮᠳᠠ ᠦᠨ᠎ᠡ ᠶᠢᠨ ᠮᠡᠬᠡᠯᠡᠯ ᠠᠴᠠ ᠵᠠᠶᠢᠯᠠᠰᠬᠢᠬᠤ ᠳᠤ ᠰᠣᠶᠣᠯ | ᠵᠢᠭᠤᠯᠴᠢᠯᠠᠯ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠤᠳ ᠬᠢᠨᠠᠯᠲᠠ ᠬᠠᠮᠢᠶᠠᠷᠤᠯᠲᠠ ᠶᠢᠨ | ᠰᠡᠷᠭᠡᠶᠢᠯᠡᠯᠲᠡ ᠶᠢᠨ ᠲᠣᠣᠷ ᠢ ᠬᠠᠮᠵᠢᠯᠴᠠᠨ ᠪᠠᠬᠢᠵᠢᠭᠦᠯᠵᠦ᠂ ᠵᠢᠭᠤᠯᠴᠢᠯᠠᠯ ᠤᠨ ᠠᠵᠢᠯ ᠲᠥᠷᠥᠯ ᠪᠠ ᠵᠢᠭᠤᠯᠴᠢᠯᠠᠯ ᠤᠨ | ᠠᠵᠢᠯ ᠡᠷᠬᠢᠯᠡᠭᠰᠡᠳ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠨ᠂ ᠬᠡᠷᠡᠭᠯᠡᠭᠴᠢᠳ ᠤᠨ ᠡᠷᠬᠡ | ᠠᠰᠢᠭ ᠢᠶᠠᠨ ᠬᠠᠮᠠᠭᠠᠯᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠬᠦ ᠨᠢ ᠳᠤᠩ ᠴᠢᠬᠤᠯᠠ᠃ ᠵᠢᠭᠤᠯᠴᠢᠯᠠᠬᠰᠠᠳ | ᠴᠦ ᠥᠪᠡᠷ ᠤᠨ ᠵᠦᠢ ᠵᠣᠬᠢᠰ ᠦᠭᠡᠢ ᠳᠣᠣᠷ᠎ᠠ ᠦᠨ᠎ᠡ ᠶᠢᠨ ᠵᠢᠭᠤᠯᠴᠢᠯᠠᠯ ᠢ ᠢᠯᠭᠠᠨ ᠲᠠᠨᠢᠬᠤ ᠴᠢᠳᠠᠪᠤᠷᠢ ᠪᠠᠨ | ᠳᠡᠭᠡᠭᠰᠢᠯᠡᠭᠦᠯᠵᠦ᠂ ︽ᠪᠡᠯᠡᠭᠯᠡᠬᠦ︾ ︽ᠬᠢᠮᠳᠠ ᠦᠨ᠎ᠡ︾ ᠵᠡᠷᠭᠡ ᠵᠢᠭᠤᠯᠴᠢᠯᠠᠯ ᠤᠨ ︽ᠤᠨᠠᠭᠤᠯᠢ︾᠂ ᠤᠬᠠᠭᠤᠯᠭ᠎ᠠ ᠶᠢᠨ | ᠲᠥᠭᠡᠷᠢᠭᠳᠡᠯ ᠠᠴᠠ ᠵᠠᠶᠢᠯᠠᠰᠬᠢᠪᠡᠯ᠂ ᠥᠪᠡᠷ ᠤᠨ ᠰᠠᠨᠠᠭᠠᠨ ᠳᠠᠭᠠᠨ ᠲᠣᠬᠢᠷᠠᠭᠰᠠᠨ ᠵᠢᠭᠤᠯᠴᠢᠯᠠᠯ ᠬᠢᠵᠦ ᠳᠠᠶᠢᠯᠭᠦ ᠨᠢ | ᠯᠠᠪᠲᠠᠢ᠃ | | | |