ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠢᠢᠳᠪᠦᠷᠢ
ᠨᠡᠶᠢᠲᠡᠯᠡᠭᠰᠡᠨ ᠴᠠᠭ᠄
2024/3/12
     ︵2024 ᠣᠨ ᠤ 3 ᠰᠠᠷ᠎ᠠ ᠶᠢᠨ 11 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠠᠴᠠ ᠪᠠᠲᠤᠯᠠᠪᠠ︶      ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠴᠤ ᠬᠢᠨᠠᠨ ᠵᠥᠪᠯᠡᠪᠡ᠃ ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠥᠩᠭᠡᠷᠡᠭᠰᠡᠨ ᠨᠢᠭᠡ ᠵᠢᠯ ᠤᠨ ᠠᠵᠢᠯ ᠢ ᠭᠦᠢᠴᠡᠳ ᠨᠤᠲᠠᠯᠠᠵᠤ᠂ ᠢᠯᠡᠳᠬᠡᠯ ᠳᠤ ᠳᠤᠷᠠᠳᠤᠭᠰᠠᠨ 2024 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ᠂ ᠲᠦᠷᠦ ᠶᠢᠨ ᠪᠣᠳᠣᠯᠭ᠎ᠠ ᠶᠢᠨ ᠬᠠᠨᠳᠤᠰᠢ ᠪᠣᠯᠣᠨ ᠠᠵᠢᠯ ᠤᠨ ᠡᠭᠦᠷᠭᠡ ᠶᠢ ᠵᠥᠪᠰᠢᠶᠡᠷᠡᠵᠦ᠂ ᠡᠨᠡ ᠬᠦ ᠢᠯᠡᠳᠬᠡᠯ ᠢ ᠵᠥᠪᠰᠢᠶᠡᠷᠡᠬᠦ ᠪᠠᠷ ᠲᠣᠭᠲᠠᠪᠠ᠃      ᠬᠤᠷᠠᠯ ᠠᠴᠠ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ  ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠤᠨᠤᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠵᠦ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠰᠢᠨᠵᠢᠯᠡᠬᠦ  ᠤᠬᠠᠭᠠᠨ ᠲᠸᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ  ᠬᠦᠴᠦᠷᠬᠡᠭᠵᠢᠬᠦ ᠶᠢ ᠠᠬᠢᠭᠤᠯᠵᠤ᠂ ᠬᠤᠷᠸ᠎ᠠ  ᠲᠣᠬᠢᠷᠠᠭᠤᠯᠭ᠎ᠠ ᠡᠵᠡᠮᠳᠡᠯ ᠤᠨ ᠡᠷᠴᠢᠮ ᠢ ᠴᠢᠩᠭᠠᠷᠠᠭᠤᠯᠤᠨ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠨᠢᠭᠡᠳᠦᠯᠲᠡᠢ ᠲᠥᠯᠥᠪᠵᠢᠭᠦᠯᠵᠦ᠂ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ  ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠦᠨ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ  ᠦᠨᠡᠨ ᠬᠦ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠵᠢᠱᠢᠯᠲᠡ ᠶᠢ ᠰᠠᠶᠢᠵᠢᠷᠠᠭᠤᠯᠵᠤ᠂  ᠠᠵᠤ ᠠᠬᠤᠢ ᠶᠢᠨ ᠰᠡᠷᠭᠦᠨ ᠰᠠᠶᠢᠵᠢᠷᠠᠬᠤ ᠰᠠᠶᠢᠨ ᠪᠠᠶᠢᠳᠠᠯ ᠢ ᠪᠠᠬᠢᠵᠢᠭᠦᠯᠦᠨ ᠴᠢᠩᠭᠠᠳᠬᠠᠵᠤ᠂ ᠠᠵᠤ ᠠᠬᠤᠢ ᠶᠢᠨ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠦᠢ  ᠵᠣᠬᠢᠰᠲᠠᠢ ᠨᠡᠮᠡᠭᠳᠡᠯ ᠢ ᠦᠷᠭᠦᠯᠵᠢᠯᠡᠨ ᠠᠬᠢᠭᠤᠯᠤᠨ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ᠦᠨᠡᠨ ᠬᠦ ᠠᠳᠬᠤᠵᠤ ᠪᠣᠳᠠᠲᠠᠢ ᠠᠵᠢᠯᠯᠠᠵᠤ᠂ ᠪᠦᠯᠬᠦᠮᠳᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠦ᠂ ᠰᠢᠯᠢᠳᠡᠭ  ᠬᠢᠷᠢ  ᠪᠦᠲᠦᠮᠵᠢ ᠪᠠᠷ  ᠪᠦᠭᠦᠳᠡ ᠨᠠᠶᠢᠷᠠᠮᠳᠠᠬᠤ  ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ  ᠪᠠᠶᠠᠷᠯᠠᠨ ᠤᠭᠲᠤᠶ᠎ᠠ ᠭᠡᠵᠦ ᠤᠷᠢᠶᠠᠯᠠᠪᠠ︕
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号