ᠮᠠᠨ ᠤ ᠣᠷᠣᠨ ᠠᠩᠬ᠎ᠠ ᠤᠳᠠᠭ᠎ᠠ ᠲᠤᠰᠬᠠᠢ ᠠᠰᠢᠭ ᠤᠨ ᠱᠠᠩᠨᠠᠯ ᠢ ᠰᠢᠯᠭᠠᠷᠠᠭᠤᠯᠵᠤ 35 ᠲᠤᠰᠬᠠᠢ ᠠᠰᠢᠭ ᠢ ᠱᠠᠩᠨᠠᠪᠠ
ᠨᠡᠶᠢᠲᠡᠯᠡᠭᠰᠡᠨ ᠴᠠᠭ᠄
2024/3/13
     ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠪᠴᠢᠶ᠎ᠠ︶ ᠠᠴᠠ ᠭᠤᠣᠯᠯᠠᠨ ᠡᠷᠭᠢᠯᠡᠭᠰᠡᠨ 2023 ᠣᠨ ᠤ ᠥᠪᠥᠷ ᠮᠣᠩᠭᠤᠯ ᠤᠨ ᠠᠩᠬᠠᠳᠤᠭᠠᠷ ᠬᠤᠭᠤᠴᠠᠭᠠᠨ ᠤ ᠲᠤᠰᠬᠠᠢ ᠠᠰᠢᠭ ᠤᠨ ᠱᠠᠩᠨᠠᠯ ᠣᠯᠭᠤᠬᠤ ᠶᠣᠰᠣᠯᠠᠯ ᠲᠦᠷᠦᠭᠦᠭᠡᠨᠭᠦᠭᠡᠬᠤᠲᠠ ᠳᠤ ᠶᠠᠪᠤᠭᠳᠠᠪᠠ᠃ ᠡᠭᠦᠨ ᠳᠤ᠂ ︽ᠬᠤᠨᠢᠨ ᠤ ᠥᠨᠳᠡᠭᠡᠨ ᠡᠰ ᠢ ᠪᠡᠶ᠎ᠡ ᠶᠢᠨ ᠭᠠᠳᠠᠨ᠎ᠠ ᠪᠣᠶᠢᠵᠢᠭᠤᠯᠬᠤ ᠠᠷᠭ᠎ᠠ︾ ᠵᠡᠷᠭᠡ 5 ᠵᠦᠢᠯ ᠤᠨ ᠲᠤᠰᠬᠠᠢ ᠠᠰᠢᠭ ᠤᠨ ᠠᠯᠲᠠᠨ ᠱᠠᠩᠨᠠᠯ ᠬᠦᠷᠲᠡᠵᠦ᠂ ︽ᠡᠯᠡᠰᠦᠷᠬᠡᠭ ᠭᠠᠵᠠᠷ ᠢ ᠵᠠᠰᠠᠬᠤ ᠠᠷᠭ᠎ᠠ︾ ᠵᠡᠷᠭᠡ 10 ᠵᠦᠢᠯ ᠤᠨ ᠲᠤᠰᠬᠠᠢ ᠠᠰᠢᠭ ᠮᠥᠩᠭᠦᠨ ᠱᠠᠩᠨᠠᠯ ᠬᠦᠷᠲᠡᠵᠦ᠂ ︽ᠠᠭᠤᠰᠤᠮᠠᠬᠠᠢ ᠴᠠᠪᠠᠤᠯᠢᠭ ᠤᠭᠤᠷᠠᠭ ᠢ ᠦᠢᠯᠡᠳᠬᠦ ᠠᠷᠭ᠎ᠠ︾ ᠵᠡᠷᠭᠡ 20 ᠵᠦᠢᠯ ᠤᠨ ᠲᠤᠰᠬᠠᠢ ᠠᠰᠢᠭ ᠰᠢᠯᠢᠳᠡᠭ ᠱᠠᠩᠨᠠᠯ ᠭᠦᠷᠳᠡᠪᠡ᠃      ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠪᠣᠯ ᠮᠠᠨ ᠤ ᠣᠷᠣᠨ ᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠦᠷᠢᠶᠡᠨ ᠳᠠᠬᠢ ᠬᠠᠮᠤᠭ ᠤᠨ ᠳᠡᠭᠡᠳᠦ ᠳᠡᠰ ᠤᠨ ᠱᠠᠩᠨᠠᠯ ᠤᠨ ᠵᠦᠢᠯ ᠮᠥᠨ᠃ ᠲᠤᠰ ᠱᠠᠩᠨᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠪᠴᠢᠶ᠎ᠠ︶ ᠠᠴᠠ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠤᠰᠬᠠᠢ ᠠᠰᠢᠭ ᠤᠨ ᠬᠡᠷᠡᠭᠵᠢᠭᠦᠯᠦᠯᠲᠡ ᠬᠢᠭᠡᠳ ᠠᠵᠤ ᠦᠢᠯᠡᠰᠵᠢᠯᠲᠡ ᠶᠢᠨ ᠠᠵᠤ ᠠᠬᠤᠢ ᠶᠢᠨ ᠦᠷ᠎ᠡ ᠠᠰᠢᠭ ᠰᠠᠶᠢᠨ᠂ ᠨᠡᠶᠢᠭᠡᠮ ᠤᠨ ᠦᠷ᠎ᠡ ᠠᠰᠢᠭ ᠥᠨᠳᠥᠷ᠂ ᠬᠥᠭᠵᠢᠯᠲᠡ ᠶᠢᠨ ᠢᠷᠡᠭᠡᠳᠦᠢ ᠰᠠᠷᠠᠭᠤᠯᠬᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠤᠷᠮᠠᠰᠢᠭᠤᠯᠬᠤ ᠶᠢ ᠵᠣᠷᠢᠵᠠᠢ᠃ ᠠᠩᠬᠠᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠰᠢᠯᠭᠠᠷᠠᠭᠤᠯᠬᠤ ᠠᠵᠢᠯᠯᠠᠭ᠎ᠠ 2023 ᠣᠨ ᠤ 7 ᠰᠠᠷ᠎ᠠ ᠠᠴᠠ ᠡᠬᠢᠯᠡᠭᠰᠡᠨ ᠠᠴᠠ ᠨᠠᠭᠠᠰᠢ᠂ ᠲᠤᠰᠬᠠᠢ ᠠᠰᠢᠭ ᠤᠨ ᠲᠥᠷᠥᠯ ᠵᠦᠢᠯ ᠢ ᠨᠡᠶᠢᠲᠡ 206 ᠬᠤᠪᠢ ᠡᠯᠰᠡᠵᠦ᠂ ᠮᠠᠲ᠋ᠧᠷᠢᠶᠠᠯ ᠢ ᠬᠢᠨᠠᠨ ᠲᠣᠭᠲᠠᠭᠠᠬᠤ᠂ ᠲᠤᠰᠬᠠᠢ ᠮᠡᠷᠭᠡᠵᠢᠯᠲᠡᠨ ᠬᠤᠪᠢ ᠲᠣᠭᠲᠠᠭᠠᠬᠤ᠂ ᠲᠤᠬᠠᠢ ᠶᠢᠨ ᠲᠠᠯᠠᠪᠤᠷ ᠲᠤ ᠨᠣᠮ ᠬᠠᠶᠠᠯᠴᠠᠵᠤ ᠬᠢᠨᠠᠨ ᠲᠣᠭᠲᠠᠭᠠᠬᠤ ᠵᠡᠷᠭᠡ ᠴᠢᠩᠭ᠎ᠠ ᠨᠢᠮᠪᠠᠢ ᠰᠢᠯᠢᠨ ᠰᠣᠩᠭᠤᠬᠤ ᠶᠠᠪᠤᠴᠠ ᠪᠠᠷ ᠳᠡᠮᠵᠢᠨ᠂ ᠡᠴᠦᠰ ᠲᠡᠭᠡᠨ 35 ᠵᠦᠢᠯ ᠤᠨ ᠱᠠᠩᠨᠠᠯ ᠣᠯᠣᠭᠰᠠᠨ ᠲᠤᠰᠬᠠᠢ ᠠᠰᠢᠭ ᠢ ᠰᠢᠯᠭᠠᠷᠠᠭᠤᠯᠤᠨ ᠭᠠᠷᠭᠠᠪᠠ᠃ ᠡᠲᠡᠭᠡᠷ ᠲᠤᠰᠬᠠᠢ ᠠᠰᠢᠭ ᠨᠢ ᠰᠢᠨ᠎ᠡ ᠡᠨᠧᠷᠭᠢ᠂ ᠰᠢᠨ᠎ᠡ ᠭᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠴᠠᠭᠠᠨ ᠢᠳᠡᠭᠡᠨ᠂ ᠠᠮᠢᠳᠤ ᠪᠣᠳᠠᠰ ᠤᠨ ᠡᠮ ᠡᠮᠨᠡᠯᠭᠡ᠂ ᠰᠢᠨ᠎ᠡ ᠮᠠᠲ᠋ᠧᠷᠢᠶᠠᠯ᠂ ᠲᠠᠷᠢᠶᠠᠯᠠᠩ ᠤᠨ ᠮᠠᠰᠢᠨ ᠮᠧᠬᠠᠨᠢᠭ᠂ ᠪᠣᠬᠢᠷᠳᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠮᠠᠨ ᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠦᠷᠢᠶ᠎ᠡ ᠶᠢ ᠬᠠᠮᠤᠷᠪᠠ᠃      ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠨᠢ ᠮᠠᠨ ᠤ ᠣᠷᠣᠨ ᠤ ᠲᠤᠰᠬᠠᠢ ᠠᠰᠢᠭ ᠢ ᠣᠨᠳᠣᠣᠰᠢᠭᠤᠯᠤᠨ ᠬᠡᠷᠡᠭᠯᠡᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠪᠲᠤᠯᠤᠯᠲᠠ ᠶᠢᠨ ᠢᠨᠵᠧᠨᠧᠷᠢᠩ ᠢ ᠪᠣᠳᠠᠲᠠᠶᠢᠵᠢᠭᠤᠯᠤᠨ ᠦᠷ᠎ᠡ ᠪᠦᠲᠦᠮᠵᠢ ᠭᠠᠷᠭᠠᠬᠤ ᠳᠤ ᠬᠦᠴᠦᠨ ᠨᠡᠮᠡᠷᠢᠯᠡᠵᠦ᠂ ᠮᠡᠳᠡᠯᠭᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠥᠨᠳᠥᠷ ᠥᠷᠲᠡᠭ ᠲᠠᠢ ᠭᠤᠣᠯᠯᠠᠬᠤ ᠲᠤᠰᠬᠠᠢ ᠠᠰᠢᠭ ᠢ ᠪᠣᠶᠢᠵᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠤᠷᠮᠠᠰᠢᠭᠤᠯᠬᠤ ᠳᠤ ᠴᠥᠮ ᠴᠢᠬᠤᠯᠠ ᠬᠥᠲᠥᠯᠥᠨ ᠳᠠᠭᠠᠭᠤᠯᠬᠤ ᠦᠢᠯᠡᠳᠦᠯ ᠲᠠᠢ ᠶᠤᠮ᠃ ᠲᠠᠷᠠᠭᠠᠴᠢ ᠪᠠᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠮᠡᠳᠡᠯᠭᠡ ᠶᠢᠨ ᠦᠮᠴᠢᠯᠡᠯ ᠤᠨ ᠡᠷᠬᠡ ᠬᠢᠭᠡᠳ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠵᠣᠬᠢᠴᠠᠯᠳᠤᠨ ᠬᠥᠭᠵᠢᠬᠦ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠢᠶᠠᠷ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠳᠦᠷᠢᠮ ᠤᠨ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠤᠨ᠂ ᠲᠤᠰᠬᠠᠢ ᠠᠰᠢᠭ ᠢ ᠣᠨᠳᠣᠣᠰᠢᠭᠤᠯᠤᠨ ᠬᠡᠷᠡᠭᠯᠡᠬᠦ ᠵᠠᠩᠭᠢᠯᠠᠭ᠎ᠠ ᠶᠢᠨ ᠲᠦᠭᠵᠢᠷᠡᠯ ᠤᠨ ᠠᠰᠠᠭᠤᠳᠠᠯ ᠢ ᠬᠦᠴᠦᠯᠡᠨ ᠨᠠᠪᠲᠠᠷᠡᠭᠦᠯᠵᠦ᠂ ᠨᠢᠭᠡ ᠪᠦᠯᠦᠭ ᠥᠨᠳᠥᠷ ᠥᠷᠲᠡᠭ ᠲᠠᠢ ᠡᠭᠦᠳᠦᠯᠲᠡ ᠶᠢᠨ ᠲᠤᠰᠬᠠᠢ ᠠᠰᠢᠭ ᠢ ᠪᠣᠶᠢᠵᠢᠭᠤᠯᠤᠨ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠡᠯᠬᠢᠶ᠎ᠡ ᠶᠢ ᠬᠦᠴᠦᠷᠬᠡᠭᠵᠢᠭᠦᠯᠦᠨ ᠬᠠᠮᠠᠭᠠᠯᠠᠬᠤ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号