ᠦᠴᠦᠸᠠᠨ ᠰᠢᠶᠠᠨ ᠤ ᠬᠤᠭᠤᠯᠠᠢ ᠠᠭᠤᠯᠠ ᠰᠢᠶᠠᠩ ᠤᠨ ᠨᠠᠨ ᠹᠠᠩ ᠽᠢ ᠲᠣᠰᠬᠤᠨ ᠳᠤ ︽ᠬᠤᠶᠠᠳᠤᠭᠠᠷ ᠰᠠᠷ᠎ᠠ ᠶᠢᠨ ᠬᠤᠶᠠᠷ︾ ᠤᠨ ᠠᠷᠠᠳ ᠤᠨ ᠵᠠᠩ ᠦᠢᠯᠡ ᠶᠢᠨ ᠲᠣᠭᠯᠠᠯᠲᠠ ᠶᠢᠨ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2024/3/14
     3 ᠰᠠᠷ᠎ᠠ ᠶᠢᠨ 11 ᠤ ᠡᠳᠦᠷ᠂ ᠮᠠᠨ ᠤ ᠰᠢᠶᠠᠨ ᠤ ᠬᠤᠭᠤᠯᠠᠢ ᠠᠭᠤᠯᠠ ᠰᠢᠶᠠᠩ ᠤᠨ ᠨᠠᠨ ᠹᠠᠩ ᠹᠠᠩ ᠲᠣᠰᠬᠤᠨ ᠤ ᠬᠢᠨ ︽ᠬᠤᠶᠠᠳᠤᠭᠠᠷ ᠰᠠᠷ᠎ᠠ ᠶᠢᠨ ᠬᠤᠶᠠᠷ︾ ᠤᠨ ᠠᠷᠠᠳ ᠤᠨ ᠵᠠᠩ ᠦᠢᠯᠡ ᠶᠢᠨ ᠲᠣᠭᠯᠠᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠷᠬᠢᠨ ᠲᠣᠭᠤᠷᠢᠨ ᠤ ᠲᠣᠰᠬᠤᠨ ᠤ ᠠᠷᠠᠳ ᠲᠤ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠣᠶᠢᠯᠠᠭᠠᠭᠤᠯᠵᠠᠢ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠲᠣᠰᠬᠤᠨ ᠤ ᠠᠷᠠᠳ ᠬᠤᠶᠢᠨ᠎ᠠ ᠬᠤᠶᠢᠨ᠎ᠠ ᠠᠴᠠ ᠪᠠᠨ ᠬᠦᠷᠦᠯᠴᠡᠨ ᠢᠷᠡᠵᠦ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠵᠤ᠂ ᠴᠢᠷᠠᠢ ᠳᠤᠨᠢ ᠪᠠᠶᠠᠷ ᠪᠠᠭ᠋ᠠᠳᠤᠯ ᠤᠨ ᠰᠡᠳᠬᠢᠯᠭᠡ ᠪᠢᠯᠬᠠᠨ᠎ᠠ᠃ ᠰᠢᠶᠠᠨ ᠤ ᠤᠯᠠᠭᠠᠨᠮᠥ᠋ᠴᠢᠷ ᠤᠨ ᠲᠣᠭᠯᠠᠯᠲᠠ᠂ ᠨᠡᠭᠦᠳᠡᠯ ᠨᠣᠮ ᠪᠢᠴᠢᠭ᠂ ᠵᠢᠦ ᠴᠢᠦᠢ ᠵᠤᠭᠠᠴᠠᠬᠤ᠂ ᠳ᠋ᠧᠩ ᠵᠢᠴᠢ ᠬᠤᠸᠠᠷ ᠫᠤᠤᠵᠢᠩ ᠵᠡᠷᠭᠡ ᠠᠯᠢ ᠣᠯᠠᠨ ᠭᠤᠶᠢᠳᠠ ᠰᠠᠶᠢᠬᠠᠨ ᠲᠣᠭᠯᠠᠯᠲᠠ ᠨᠢ ᠲᠤᠬᠠᠢ ᠶᠢᠨ ᠲᠠᠯᠠᠪᠠᠶ ᠶᠢᠨ ᠲᠣᠰᠬᠤᠨ ᠤ ᠠᠷᠠᠳ ᠲᠤ ᠬᠥᠮᠥᠰ ᠢ ᠰᠣᠭᠲᠣᠭᠤᠷᠠᠭᠤᠯᠤᠮ᠎ᠠ ᠰᠣᠶᠣᠯ ᠤᠨ ᠦᠪᠡᠳᠡᠭᠰᠢ ᠨᠠᠶᠢᠷ ᠢ ᠠᠪᠴᠢᠷᠠᠵᠤ ᠥᠭᠴᠡᠢ᠃
     ᠲᠤᠰ ᠤᠳᠠᠭ᠎ᠠ ᠶᠢᠨ ︽ᠬᠤᠶᠠᠷ ᠰᠠᠷ᠎ᠠ ᠶᠢᠨ ᠬᠤᠶᠠᠷ︾ ᠤᠨ ᠵᠠᠩ ᠦᠢᠯᠡ ᠶᠢᠨ ᠠᠵᠢᠯᠯᠠᠭ᠎ᠠ ᠶᠢ ᠡᠷᠬᠢᠯᠡᠭᠰᠡᠡ ᠨᠢ ᠲᠣᠰᠬᠤᠨ ᠤ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠤᠯᠠᠨ ᠲᠦᠮᠡᠨ ᠤ ᠮᠠᠨ ᠤ ᠤᠯᠤᠰ ᠤᠨ ᠠᠷᠠᠳ ᠤᠨ ᠤᠯᠠᠮᠵᠢᠯᠠᠯᠲᠤ ᠪᠠᠶᠠᠷ ᠤᠨ ᠡᠳᠦᠷ ᠤᠨ ᠲᠤᠬᠠᠢ ᠬᠠᠶᠢᠷ᠎ᠠ ᠬᠠᠯᠠᠮᠵᠢ ᠶᠢ ᠨᠡᠩ ᠨᠡᠮᠡᠭᠳᠡᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠨᠠᠨ ᠹᠠᠩ ᠽᠢ ᠲᠣᠰᠬᠤᠨ ᠦᠷᠭᠦᠯᠵᠢᠯᠡᠨ ᠡᠯ᠎ᠡ ᠶᠡᠭᠡ ᠪᠠᠶᠠᠷ ᠤᠨ ᠡᠳᠦᠷ ᠢᠶᠠᠷ ᠠᠵᠠ ᠲᠣᠬᠢᠶᠠᠯ ᠪᠣᠯᠭᠠᠨ ᠤᠯᠠᠨ ᠵᠦᠢᠯ ᠤᠨ ᠬᠡᠯᠪᠡᠷᠢ ᠶᠢᠨ ᠰᠣᠶᠣᠯ ᠤᠨ ᠠᠵᠢᠯᠯᠠᠭ᠎ᠠ ᠶᠢ ᠡᠷᠬᠢᠯᠡᠵᠦ᠂ ᠲᠣᠰᠬᠤᠨ ᠤ ᠠᠷᠠᠳ ᠤᠨ ᠬᠠᠯᠠᠭᠤᠨ ᠰᠡᠳᠬᠢᠯᠭᠡ ᠶᠢ ᠲᠠᠰᠤᠷᠠᠯᠲᠠ ᠦᠭᠡᠢ ᠬᠥᠭᠵᠢᠭᠡᠵᠦ᠂ ᠤᠯᠠᠮᠵᠢᠯᠠᠯᠲᠤ ᠪᠠᠶᠠᠷ ᠤᠨ ᠡᠳᠦᠷ ᠲᠤ ᠰᠢᠨ᠎ᠡ ᠴᠠᠭ ᠦᠶ᠎ᠡ ᠶᠢᠨ ᠠᠭᠤᠯᠬᠤᠨ ᠢ ᠨᠡᠮᠡᠷᠢᠯᠡᠵᠦ᠂ ᠲᠣᠰᠬᠤᠨ ᠤ ᠠᠷᠠᠳ ᠤᠨ ᠬᠦᠷᠲᠡᠮᠵᠢ ᠶᠢᠨ ᠲᠥᠷᠥᠭᠳᠡᠯ ᠢ ᠨᠡᠩ ᠭᠦᠢᠴᠡᠳ ᠪᠣᠯᠭᠠᠵᠤ᠂ ᠵᠣᠯ ᠵᠢᠷᠭᠠᠯᠲᠤ ᠲᠥᠷᠥᠭᠳᠡᠯ ᠢ ᠨᠡᠩ ᠥᠳᠬᠡᠨ ᠪᠣᠯᠭᠠᠵᠤ᠂ ᠦᠵᠡᠰᠬᠦᠯᠡᠩ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃ ︵ᠰᠤᠷᠪᠤᠯᠵᠢᠯᠠᠭᠴᠢ᠄ ᠶᠠᠩ ᠵᠢᠶ᠋ᠧ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号