ᠤᠷᠢᠬᠠᠨ ᠬᠠᠪᠤᠷ ᠤᠨ ᠭᠤᠷᠪᠠᠨ ᠰᠠᠷ᠎ᠠ ᠳᠤ᠂ ᠲᠦᠮᠡᠨ ᠪᠣᠳᠠᠰ ᠠᠮᠢᠯᠠᠨ ᠰᠡᠷᠭᠦᠵᠦ᠂ ᠪᠠᠰᠠ ᠨᠢᠭᠡ ᠵᠢᠯ ᠤᠨ | ᠨᠣᠭᠤᠭᠠᠷᠠᠯᠲᠠ ᠶᠢᠨ ᠴᠠᠭ ᠪᠣᠯᠪᠠ᠃ 46 ᠳ᠋ᠤᠭᠠᠷ ᠮᠣᠳᠣ ᠲᠠᠷᠢᠬᠤ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ | 3 ᠰᠠᠷ᠎ᠠ ᠶᠢᠨ 12 ᠤᠨ ᠡᠳᠦᠷ᠂ ᠦᠴᠦᠸᠠᠨ ᠰᠢᠶᠠᠨ ᠤ ᠡᠮᠡᠭᠲᠡᠶᠢᠴᠦᠳ ᠤᠨ ᠬᠤᠯᠪᠣᠭ᠎ᠠ᠂ ᠰᠢᠨ᠎ᠡ ᠴᠠᠭ ᠦᠶ᠎ᠡ ᠶᠢᠨ | ᠪᠣᠯᠪᠠᠰᠤᠨ ᠦᠢᠯᠡᠳᠦᠯᠭᠡ ᠶᠢᠨ ᠲᠥᠪ᠂ ᠬᠠᠮ ᠵᠠᠭᠤᠴᠢᠯᠠᠭᠤᠷ ᠤᠨ ᠲᠥᠪ᠂ ᠤᠢ ᠰᠢᠭᠤᠢ ᠨᠤᠲᠤᠭ ᠪᠡᠯᠴᠢᠭᠡᠷ ᠤᠨ ᠠᠮᠢ | ᠠᠬᠤᠢ ᠶᠢᠨ ᠬᠠᠮᠠᠭᠠᠯᠠᠯᠲᠠ ᠶᠢᠨ ᠲᠥᠪ᠂ ᠰᠢᠶᠠᠨ ᠤ ᠡᠪᠯᠡᠯ ᠤᠨ ᠬᠤᠷᠢᠶ᠎ᠠ᠂ ᠶᠡᠭᠡ ᠬᠠᠶᠢᠷ᠎ᠠ ᠬᠢᠵᠠᠭᠠᠷ ᠦᠭᠡᠢ | ᠡᠮᠡᠭᠲᠡᠶᠢᠴᠦᠳ ᠤᠨ ᠰᠠᠶᠢᠨ ᠳᠤᠷ᠎ᠠ ᠶᠢᠨ ᠶᠠᠩ ᠭᠤᠸᠠᠩ ᠥᠷᠲᠡᠭᠡ ᠳ᠋ᠧ ᠱᠧᠩ ᠭᠧᠦ ᠰᠢᠶᠠᠩ ᠳᠤ ᠬᠠᠮᠲᠤᠷᠠᠨ ᠭᠠᠯ | ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃ | | | | | | ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠠᠵᠢᠯᠯᠠᠭᠴᠢᠳ ᠲᠣᠰ ᠲᠣᠰ ᠤᠨ ᠳᠠᠪᠠᠭᠤᠯᠢᠭ ᠢᠶᠠᠨ ᠳᠡᠯᠭᠡᠨ | ᠦᠵᠡᠭᠦᠯᠵᠦ᠂ ᠲᠣᠰᠬᠤᠨ ᠤ ᠠᠷᠠᠳ ᠲᠤ ᠠᠯᠪᠠᠨ ᠵᠢᠷᠤᠮ ᠤᠨ ᠦᠰᠦ ᠵᠠᠰᠠᠵᠤ ᠥᠭᠬᠦ ᠶᠢᠨ ᠬᠠᠮᠲᠤ᠂ ᠵᠡᠭᠡᠯᠢ ᠳᠠᠭᠠᠤ | ᠷᠠᠳᠢᠣ᠋ ᠨᠡᠪᠲᠡᠷᠡᠭᠦᠯᠭᠡ᠂ ᠡᠷᠦᠬᠡ ᠳᠤ ᠬᠦᠷᠴᠦ ᠤᠬᠠᠭᠤᠯᠬᠤ᠂ ᠵᠠᠷᠯᠠᠯ ᠨᠠᠭᠠᠬᠤ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ | ᠵᠡᠷᠭᠡ ᠬᠡᠯᠪᠡᠷᠢ ᠪᠠᠷ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂ ᠬᠡᠭᠡᠷ᠎ᠡ ᠶᠢᠨ ᠠᠮᠢᠲᠠᠨ ᠤ | ᠬᠠᠮᠠᠭᠠᠯᠠᠯᠲᠠ ᠶᠢᠨ ᠤᠬᠠᠭᠤᠯᠭ᠎ᠠ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠪᠠ᠃ ᠰᠠᠶᠢᠨ ᠳᠤᠷ᠎ᠠ ᠶᠢᠨ | ᠠᠵᠢᠯᠯᠠᠭᠴᠢᠳ ᠤᠨ ᠪᠣᠯᠪᠠᠰᠤᠷᠠᠩᠭᠤᠢ ᠤᠷ᠎ᠠ ᠮᠡᠷᠭᠡᠵᠢᠯ᠂ ᠬᠠᠯᠠᠭᠤᠮᠰᠤᠭ ᠦᠢᠯᠡᠴᠢᠯᠡᠭᠡ ᠨᠢ ᠲᠣᠰᠬᠤᠨ ᠤ ᠠᠷᠠᠳ ᠤᠨ | ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ | | | | | | ᠡᠨᠡ ᠤᠳᠠᠭ᠎ᠠ ᠶᠢᠨ ᠠᠵᠢᠯᠯᠠᠭ᠎ᠠ ᠳᠤ᠂ ᠨᠠᠰᠤᠲᠠᠨ ᠢᠶᠠᠨ ᠬᠦᠨᠳᠦᠯᠡᠬᠦ ᠡᠷᠬᠢᠮ ᠰᠤᠷᠲᠠᠯ ᠪᠣᠯᠣᠨ ᠰᠠᠶᠢᠨ | ᠳᠤᠷ᠎ᠠ ᠠᠴᠠ ᠪᠠᠨ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠪᠠᠰᠠ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠳᠡᠯᠭᠡ ᠶᠢ ᠤᠯᠠᠮ ᠴᠢᠨᠠᠭᠰᠢᠳᠠ ᠲᠦᠭᠡᠮᠡᠯᠵᠢᠭᠦᠯᠵᠦ᠂ ᠠᠷᠠᠳ ᠲᠤ | ᠠᠰᠢᠭ ᠬᠦᠷᠲᠡᠭᠡᠬᠦ ᠪᠣᠳᠠᠲᠤ ᠶᠠᠪᠤᠳᠠᠯ ᠢ ᠨᠠᠷᠢᠨ ᠪᠣᠳᠠᠲᠠᠢ ᠨᠠᠶᠢᠳᠠᠪᠤᠷᠢᠵᠢᠭᠤᠯᠵᠤ᠂ ᠲᠣᠰᠬᠤᠨ ᠤ ᠠᠷᠠᠳ ᠤᠨ ᠪᠣᠳᠠᠲᠤ | ᠬᠡᠷᠡᠭᠴᠡᠭᠡ ᠳᠤ ᠨᠡᠩ ᠢᠯᠡᠭᠦᠦ ᠠᠩᠬᠠᠷᠤᠯ ᠢᠶᠠᠨ ᠲᠥᠪᠯᠡᠷᠡᠭᠦᠯᠵᠦ᠂ ᠲᠣᠰᠬᠤᠨ ᠤ ᠠᠷᠠᠳ ᠤᠨ ᠬᠦᠷᠲᠡᠮᠵᠢ ᠶᠢᠨ | ᠲᠥᠷᠥᠭᠳᠡᠯ ᠪᠣᠯᠣᠨ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ᠂ ᠤᠶᠤᠨ ᠤ ᠪᠣᠯᠪᠠᠰᠤᠨ ᠤ | ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ᠂ ᠪᠣᠯᠪᠠᠰᠤᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠬᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠵᠣᠯ ᠵᠢᠷᠭᠠᠯᠲᠤ ᠦᠵᠡᠰᠬᠦᠯᠡᠩᠲᠦ ᠰᠠᠶᠢᠬᠠᠨ ᠰᠢᠨ᠎ᠡ | ᠦᠴᠦᠸᠠᠨ ᠢ ᠬᠠᠮᠲᠤᠪᠠᠷ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠵᠡᠢ᠃ ︵ᠰᠤᠷᠪᠤᠯᠵᠢᠯᠠᠭᠴᠢ᠄ ᠵᠧᠦ | ᠶᠠᠨ ᠵᠧᠨ ᠶᠤᠸᠠᠨ ᠪᠦᠥᠸ᠋︶ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |