ᠮᠠᠨ ᠤ ᠣᠷᠣᠨ 192.6 ᠲᠦᠮᠡᠨ ᠣᠷᠣᠯᠭ᠎ᠠ ᠳᠣᠣᠷ᠎ᠠ ᠬᠥᠮᠥᠨ ᠳᠤ ᠬᠥᠳᠡᠯᠦᠩᠭᠦᠢ ᠬᠢᠨᠠᠨ ᠬᠡᠮᠵᠢᠯᠲᠡ ᠬᠢᠵᠡᠢ
ᠨᠡᠶᠢᠲᠡᠯᠡᠭᠰᠡᠨ ᠴᠠᠭ᠄
2024/3/14
     ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ 2023 ᠣᠨ ᠠᠴᠠ ᠨᠠᠭᠠᠰᠢ᠂ ᠮᠠᠨ ᠤ ᠣᠷᠣᠨ ᠲᠠᠰ ᠳᠠᠪᠬᠤᠷᠭ᠎ᠠ ᠲᠥᠷᠥᠯ ᠬᠤᠪᠢᠶᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠦᠷᠭᠦᠯᠵᠢᠯᠡᠨ ᠪᠦᠷᠢᠨᠰᠢᠭᠦᠯᠵᠦ᠂ ᠣᠷᠣᠯᠭ᠎ᠠ ᠳᠣᠣᠷ᠎ᠠ ᠬᠥᠮᠥᠨ ᠠᠮᠠ ᠶᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠲᠣᠣᠷ ᠢ ᠨᠢᠭᠲᠠ ᠰᠦᠯᠵᠢᠵᠦ᠂ ᠣᠳᠣᠬᠠᠨ ᠳᠤ ᠨᠢᠭᠡᠨᠲᠡ 192.6 ᠲᠦᠮᠡᠨ ᠣᠷᠣᠯᠭ᠎ᠠ ᠳᠣᠣᠷ᠎ᠠ ᠬᠥᠮᠥᠨ ᠠᠮᠠ ᠳᠤ ᠬᠥᠳᠡᠯᠦᠩᠭᠦᠢ ᠬᠢᠨᠠᠨ ᠬᠡᠮᠵᠢᠯᠲᠡ ᠬᠢᠪᠡ᠃      2023 ᠣᠨ ᠠᠴᠠ ᠨᠠᠭᠠᠰᠢ᠂ ᠮᠠᠨ ᠤ ᠣᠷᠣᠨ ᠬᠥᠳᠡᠯᠦᠩᠭᠦᠢ ᠬᠢᠨᠠᠨ ᠬᠡᠮᠵᠢᠯᠲᠡ + ᠲᠥᠷᠥᠯ ᠬᠤᠪᠢᠶᠠᠨ ᠠᠪᠤᠷᠠᠨ ᠲᠤᠰᠠᠯᠠᠬᠤ ᠪᠠᠷ ᠳᠠᠮᠵᠢᠭᠤᠯᠤᠨ᠂ ᠨᠡᠶᠢᠭᠡᠮ ᠤᠨ ᠠᠪᠤᠷᠠᠨ ᠲᠤᠰᠠᠯᠠᠬᠤ ᠱᠠᠲᠤᠯᠢᠭ ᠰᠢᠨ᠎ᠡ ᠪᠠᠶᠢᠷᠢᠰᠢᠯ ᠢ ᠪᠦᠷᠢᠯᠳᠦᠭᠦᠯᠵᠦ᠂ ᠲᠤᠰᠬᠠᠢ ᠵᠦᠢᠯ ᠤᠨ ᠠᠪᠤᠷᠠᠨ ᠲᠤᠰᠠᠯᠠᠯᠲᠠ ᠶᠢ ᠨᠠᠭᠠᠲᠤ ᠵᠠᠬ᠎ᠠ ᠶᠢᠨ ᠠᠮᠢᠳᠤᠷᠠᠯ ᠤᠨ  ᠪᠠᠲᠤᠯᠠᠭ᠎ᠠ ᠬᠦᠷᠲᠡᠭᠰᠡᠳ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠬᠠᠪᠢᠳᠠᠵᠤ ᠪᠠᠶᠢᠭ᠎ᠠ ᠬᠥᠮᠥᠰ ᠭᠦᠷᠲᠡᠯ᠎ᠡ ᠥᠷᠭᠡᠳᠬᠡᠵᠦ᠂ ᠲᠠᠰ ᠳᠠᠪᠬᠤᠷᠭ᠎ᠠ ᠬᠤᠪᠢᠶᠠᠨ ᠲᠥᠷᠥᠯ ᠬᠤᠪᠢᠶᠠᠵᠤ᠂ ᠨᠠᠷᠢᠯᠢᠭ ᠣᠨᠣᠴᠠᠲᠠᠢ ᠪᠥᠭᠡᠳ ᠥᠨᠳᠥᠷ ᠪᠦᠲᠦᠮᠵᠢᠲᠡᠶ ᠠᠪᠤᠷᠠᠨ ᠲᠤᠰᠠᠯᠠᠯᠲᠠ ᠶᠢ ᠪᠦᠷᠢᠯᠳᠦᠭᠦᠯᠪᠡ᠃ ᠡᠭᠦᠨ ᠤ ᠬᠠᠮᠲᠤ᠂ ᠲᠠᠪᠴᠠᠩ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠣᠷᠣᠯᠭ᠎ᠠ ᠳᠣᠣᠷ᠎ᠠ ᠬᠥᠮᠥᠨ ᠠᠮᠠ ᠶᠢ ᠬᠥᠳᠡᠯᠦᠩᠭᠦᠢ ᠪᠠᠷ ᠬᠢᠨᠠᠨ ᠰᠢᠨᠵᠢᠬᠦ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠤᠨ᠂ ᠡᠮᠴᠢᠯᠡᠭᠡᠨ ᠤ ᠳᠠᠭᠠᠳᠬᠠᠯ᠂ ᠰᠤᠷᠭᠠᠨ ᠬᠥᠮᠦᠵᠢᠯ᠂ ᠵᠡᠮᠳᠡᠭᠴᠦᠳ ᠤᠨ ᠬᠤᠯᠪᠤᠭ᠎ᠠ ᠵᠡᠷᠭᠡ ᠰᠠᠯᠠᠭ᠎ᠠ ᠮᠥᠴᠢᠷ ᠯᠦᠭᠡ ᠠᠪᠤᠷᠠᠨ ᠲᠤᠰᠠᠯᠠᠬᠤ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ ᠬᠦᠷᠭᠡᠬᠦ ᠲᠣᠭᠲᠠᠴᠠ ᠶᠢ ᠪᠠᠶᠢᠭᠤᠯᠵᠤ᠂ ︽ᠨᠢᠭᠡ ᠡᠷᠦᠭᠡ ︵ᠬᠥᠮᠥᠨ︶ ᠳᠤ ᠨᠢᠭᠡ ᠵᠤᠷᠪᠤᠰ ᠠᠪᠤᠷᠠᠨ ᠲᠤᠰᠠᠯᠠᠬᠤ ᠬᠡᠯᠬᠢᠶ᠎ᠡ︾ ᠶᠢ ᠪᠦᠷᠢᠯᠳᠦᠭᠦᠯᠪᠡ᠃      ᠪᠦᠭᠦ ᠣᠷᠣᠨ ᠤ ᠡᠯ᠎ᠡ ᠭᠠᠵᠠᠷ ᠤᠨ ᠬᠢᠨ ︽ᠵᠣᠯ ᠵᠢᠷᠭᠠᠯᠲᠤ ᠦᠬᠠᠢ·ᠠᠪᠤᠷᠠᠨ ᠲᠤᠰᠠᠯᠠᠯᠲᠠ ᠳᠡᠷᠭᠡᠳᠡ ᠪᠠᠶᠢᠬᠤ︾ ᠵᠡᠷᠭᠡ ᠨᠡᠶᠢᠭᠡᠮ ᠤᠨ ᠠᠪᠤᠷᠠᠨ ᠲᠤᠰᠠᠯᠠᠬᠤ ᠣᠨᠴᠠᠯᠢᠭᠲᠤ ᠲᠥᠷᠥᠯ ᠲᠡᠮᠳᠡᠭᠲᠦ ᠶᠢ ᠡᠭᠦᠳᠬᠦ ᠪᠠᠷ ᠳᠠᠮᠵᠢᠨ᠂ ᠬᠦᠴᠢᠷᠳᠡᠯᠲᠡᠢ ᠣᠯᠠᠨ ᠲᠦᠮᠡᠨ ᠤ ᠣᠯᠠᠨ ᠳᠡᠰ ᠳᠠᠪᠬᠤᠷᠭ᠎ᠠ ᠣᠯᠠᠨ ᠶᠠᠩᠵᠤ ᠶᠢᠨ ᠠᠪᠤᠷᠠᠨ ᠲᠤᠰᠠᠯᠠᠬᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠃ ᠬᠦᠴᠢᠷᠳᠡᠯᠲᠡᠢ ᠣᠯᠠᠨ ᠲᠦᠮᠡᠨ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠪᠠᠷ ᠳᠠᠮᠵᠢᠭᠤᠯᠤᠨ᠂ ︽ᠬᠥᠮᠥᠨ  ᠨᠢ ᠲᠥᠷᠥ ᠶᠢᠨ ᠪᠣᠳᠣᠯᠭ᠎ᠠ ᠡᠷᠢᠬᠦ︾ ᠠᠴᠠ ︽ᠲᠥᠷᠥ ᠶᠢᠨ ᠪᠣᠳᠣᠯᠭ᠎ᠠ ᠪᠠᠷ ᠬᠥᠮᠥᠨ ᠢ ᠡᠷᠢᠬᠦ︾ ᠪᠣᠯᠭᠠᠨ ᠬᠤᠪᠢᠷᠠᠭᠤᠯᠵᠤ᠂ ᠭᠤᠣᠯᠳᠠᠯᠭ᠎ᠠ ᠲᠠᠢ ᠡᠲᠡᠭᠡᠳ ᠤᠨ ᠬᠥᠮᠥᠰ ᠲᠤ ᠠᠩᠬᠠᠷᠤᠯ ᠢᠶᠠᠨ ᠲᠥᠪᠯᠡᠷᠡᠭᠦᠯᠦᠨ᠂ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠠᠷᠭ᠎ᠠ ᠵᠠᠮ ᠢ ᠥᠷᠭᠡᠳᠬᠡᠵᠦ᠂ ᠭᠥᠯᠢᠶᠡᠨ ᠠᠪᠴᠤ ᠭᠦᠢᠴᠡᠳᠬᠡᠬᠦ ᠶᠠᠪᠤᠴᠠ  ᠶᠢ ᠲᠡᠭᠦᠯᠳᠡᠷᠵᠢᠭᠦᠯᠦᠨ᠂ ᠭᠤᠶᠤᠴᠢᠯᠠᠬᠤ ᠴᠢᠳᠠᠪᠤᠷᠢ ᠨᠢ ᠬᠦᠷᠦᠯᠴᠡᠬᠦ ᠦᠭᠡᠢ ᠬᠦᠴᠢᠷᠳᠡᠯᠲᠡᠢ ᠣᠯᠠᠨ ᠲᠦᠮᠡᠨ ᠢ ᠴᠠᠭ ᠲᠤᠬᠠᠢ ᠳᠤᠨᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠪᠠᠷ ᠬᠦᠴᠦᠯᠡᠨ ᠴᠢᠷᠮᠠᠶᠢᠪᠠ᠃      ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠠᠶᠢᠳᠠᠪᠤᠷᠢᠵᠢᠭᠤᠯᠵᠤ᠂ ᠦᠨᠳᠦᠰᠦᠨ ᠵᠦᠢᠯ ᠢ ᠪᠠᠲᠤᠯᠠᠬᠤ ᠶᠢ ᠭᠤᠣᠯᠳᠠᠭᠤᠯᠤᠨ ᠠᠩᠬᠠᠷᠴᠤ᠂ ᠠᠪᠤᠷᠠᠨ ᠲᠤᠰᠠᠯᠠᠬᠤ ᠲᠦᠪᠰᠢᠨ ᠢ ︽ᠳᠠᠭᠢᠨ ᠳᠡᠭᠡᠭᠰᠢᠯᠡᠭᠦᠯᠭᠦ︾ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠮᠢᠳᠤᠷᠠᠯ ᠤᠨ 43 ᠵᠦᠢᠯ ᠤᠨ ᠪᠣᠳᠠᠲᠤ ᠶᠠᠪᠤᠳᠠᠯ ᠤᠨ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢᠨ ᠲᠥᠯᠥᠭᠡ᠂ 2023 ᠣᠨ ᠳᠤ᠂ ᠮᠠᠨ ᠤ ᠣᠷᠣᠨ ᠤ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠳᠤᠮᠳᠠᠴᠢ ᠪᠠᠷᠢᠮᠵᠢᠶ᠎ᠠ ᠶᠢ ᠰᠠᠷ᠎ᠠ ᠪᠣᠯᠭᠠᠨ 840 ᠲᠥᠭᠦᠷᠢᠭ ᠪᠠ 670 ᠲᠥᠭᠦᠷᠢᠭ ᠲᠤ ᠬᠦᠷᠭᠡᠵᠦ᠂ ᠲᠣᠰ ᠲᠣᠰ ᠪᠠᠷᠠᠭᠤᠨ ᠬᠡᠰᠡᠭ ᠤᠨ ᠮᠤᠵᠢ ᠣᠷᠣᠨ ᠤ ᠨᠢᠭᠡᠳᠦᠭᠡᠷ ᠲᠤ ᠵᠢᠭᠰᠠᠭᠠᠭᠳᠠᠪᠠ᠃  ᠪᠦᠭᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ  ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠳᠤᠮᠳᠠᠴᠢ ᠪᠠᠷᠢᠮᠵᠢᠶ᠎ᠠ ᠶᠢ ᠬᠤᠲᠠ ᠶᠢᠨ  ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠳᠤᠮᠳᠠᠴᠢ ᠪᠠᠷᠢᠮᠵᠢᠶ᠎ᠠ ᠶᠢᠨ 79.8% ᠳᠤ ᠬᠦᠷᠦᠭᠦᠯᠵᠦ᠂ ᠬᠤᠲᠠ ᠬᠥᠳᠡᠭᠡ᠂ ᠣᠷᠣᠨ ᠪᠦᠰᠡ ᠶᠢᠨ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡᠨ ᠤ ᠲᠡᠩᠴᠡᠭᠦᠷᠢᠰᠢᠯᠲᠡ ᠶᠢ ᠬᠦᠴᠦᠲᠡᠢ ᠠᠬᠢᠭᠤᠯᠵᠤ᠂ ᠬᠤᠲᠠ ᠬᠥᠳᠡᠭᠡ ᠣᠷᠣᠨ ᠪᠦᠰᠡ ᠶᠢᠨ ᠵᠥᠷᠢᠶ᠎ᠡ ᠶᠢ ᠪᠠᠭᠠᠰᠬᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号