ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠠᠴᠠ | ᠣᠶᠢᠯᠠᠭᠠᠭᠰᠠᠨ ᠢᠶᠠᠷ᠂ ᠮᠠᠨ ᠤ ᠣᠷᠣᠨ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ | ᠬᠥᠭᠵᠢᠭᠦᠯᠬᠦ ᠤᠳᠤᠷᠢᠳᠤᠮᠵᠢ ᠶᠢ ᠭᠤᠶᠢᠪᠢᠰᠢ ᠦᠭᠡᠢ ᠪᠠᠷᠢᠮᠲᠠᠯᠠᠨ᠂ ᠬᠠᠮ ᠠᠷᠭ᠎ᠠ ᠪᠣᠳᠣᠯᠭ᠎ᠠ ᠪᠠᠷ ᠦᠢᠯᠡᠳᠬᠦ | ᠦᠢᠯᠡᠰ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠡᠷᠴᠢᠮᠲᠡᠢ ᠠᠬᠢᠭᠤᠯᠤᠭᠰᠠᠨ ᠢᠶᠠᠷ ᠪᠦᠭᠦ | ᠣᠷᠣᠨ ᠤ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠪᠣᠬᠢᠷᠳᠤᠯ ᠦᠭᠡᠢ ᠬᠥᠭᠵᠢᠯᠲᠡ ᠰᠢᠨ᠎ᠡ ᠠᠬᠢᠯᠲᠠ | ᠲᠠᠢ ᠪᠣᠯᠵᠠᠢ᠃ | ᠮᠠᠨ ᠤ ᠣᠷᠣᠨ ᠭᠤᠣᠯᠳᠠᠭᠤ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠠᠵᠤ ᠦᠢᠯᠡᠰ | ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ᠂ ᠬᠢᠵᠠᠭᠠᠷᠯᠠᠬᠤ ᠴᠢᠨᠠᠷᠲᠠᠢ ᠦᠢᠯᠡᠳᠪᠦᠷᠢᠯᠡᠯ ᠤᠨ ᠴᠢᠳᠠᠪᠤᠷᠢ ᠶᠢ | ᠡᠮᠬᠢ ᠵᠢᠷᠤᠮ ᠲᠠᠢ ᠰᠢᠭᠰᠢᠭᠳᠡᠭᠦᠯᠬᠦ᠂ ᠡᠨᠧᠷᠭᠢ ᠠᠷᠪᠢᠯᠠᠬᠤ ᠪᠠᠭ᠎ᠠ ᠨᠡᠭᠦᠷᠡᠰᠦᠲᠥ᠋ᠷᠥᠭᠴᠢᠲᠦ ᠮᠡᠷᠭᠡᠵᠢᠯ ᠢ ᠳᠡᠯᠭᠡᠷᠡᠭᠦᠯᠬᠦ᠂ | ᠡᠨᠧᠷᠭᠢ ᠠᠷᠪᠢᠯᠠᠬᠤ ᠤᠰᠤ ᠠᠷᠪᠢᠯᠠᠬᠤ ᠥᠭᠡᠷᠡᠴᠢᠯᠡᠯᠲᠡ ᠶᠢᠨ ᠠᠬᠢᠴᠠ ᠶᠢ ᠲᠦᠷᠭᠡᠳᠬᠡᠬᠦ᠂ ᠪᠣᠬᠢᠷᠳᠤᠯ ᠦᠭᠡᠢ | ᠦᠢᠯᠡᠳᠬᠡᠯ ᠢ ᠪᠦᠭᠦ ᠲᠠᠯ᠎ᠠ ᠪᠠᠷ ᠠᠬᠢᠭᠤᠯᠬᠤ ᠵᠡᠷᠭᠡ ᠵᠢᠷᠭᠤᠭᠠᠨ ᠲᠠᠯ᠎ᠠ ᠠᠴᠠ ᠪᠦᠭᠦ ᠣᠷᠣᠨ ᠤ ᠰᠢᠨ᠎ᠡ ᠭᠡᠯᠪᠡᠷᠢ | ᠶᠢᠨ ᠠᠵᠤ ᠦᠢᠯᠡᠳᠪᠦᠷᠢᠵᠢᠯᠲᠡ ᠶᠢᠨ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠵᠠᠢ᠃ ᠡᠭᠦᠨ ᠳᠤ ᠰᠢᠨ᠎ᠡ | ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ︽1+7︾ ᠲᠦᠷᠦ ᠶᠢᠨ ᠪᠣᠳᠣᠯᠭ᠎ᠠ ᠶᠢᠨ ᠰᠢᠰᠲ᠋ᠧᠮ | ᠵᠢᠴᠢ ᠭᠤᠣᠯᠳᠠᠯᠭ᠎ᠠ ᠲᠠᠢ ᠬᠦᠷᠢᠶᠡᠨ ᠤ ᠴᠢᠨᠠᠷ ᠰᠠᠶᠢᠲᠠᠢ ᠬᠥᠭᠵᠢᠯᠲᠡ ᠶᠢᠨ ᠲᠦᠷᠦ ᠶᠢᠨ ᠪᠣᠳᠣᠯᠭ᠎ᠠ ᠵᠡᠷᠭᠡ ᠨᠢ | ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ︽ᠨᠢᠷᠤᠭᠤ ᠲᠤᠯᠭᠠᠭᠤᠷᠢ︾ ᠶᠢ ᠪᠤᠰᠬᠠᠪᠠ᠃ ᠠᠵᠤ | ᠦᠢᠯᠡᠰ ᠤᠨ ᠪᠦᠲᠦᠴᠡ ᠶᠢᠨ ᠬᠤᠪᠢ ᠳᠤ ᠪᠦᠭᠦ ᠣᠷᠣᠨ ᠤ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ᠂ ᠰᠢᠨ᠎ᠡ | ᠭᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ᠂ ᠪᠣᠬᠢᠷᠳᠤᠯ ᠦᠭᠡᠢ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠬᠤ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠥᠪᠡᠷᠮᠢᠴᠡ | ᠣᠨᠴᠠᠯᠢᠭ ᠲᠠᠢ ᠳᠠᠪᠠᠭᠤᠯᠢᠭᠲᠤ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠲᠠᠰᠤᠷᠠᠯᠳᠠ ᠦᠭᠡᠢ ᠬᠥᠭᠵᠢᠨ | ᠪᠤᠵᠠᠭᠠᠶᠢᠷᠠᠵᠤ᠂ 2023 ᠣᠨ ᠳᠤ ᠪᠦᠭᠦ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦ ᠦᠢᠯᠡᠰ᠂ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠨᠡᠮᠡᠭᠳᠡᠯ ᠦᠷᠳᠡᠭ ᠲᠤᠰ | ᠲᠤᠰ 11.4% ᠪᠠ 13.5% ᠪᠠᠷ ᠨᠡᠮᠡᠭᠳᠡᠵᠦ᠂ ᠲᠤᠰᠪᠤᠷᠢ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 4 | ᠬᠤᠪᠢ ᠪᠠ 6.1 ᠬᠤᠪᠢ ᠳᠠᠪᠠᠵᠠᠢ᠃ ᠪᠦᠭᠦ ᠣᠷᠣᠨ ᠢᠶᠠᠷ ᠢᠶᠠᠨ 260 ᠲᠦᠮᠡᠨ ᠳᠤᠨ ᠤ ᠲᠡᠮᠦᠷ | ᠪᠤᠯᠪᠠᠰᠤᠷᠠᠭᠤᠯᠬᠤ᠂ 150 ᠲᠦᠮᠡᠨ ᠳᠤᠨ ᠤ ᠪᠣᠯᠣᠳ ᠪᠤᠯᠪᠠᠰᠤᠷᠠᠭᠤᠯᠬᠤ᠂ 371 ᠲᠦᠮᠡᠨ ᠳᠤᠨ ᠤ ᠲᠡᠮᠦᠷ ᠤᠨ | ᠬᠠᠶᠢᠯᠤᠰᠢ ᠦᠢᠯᠡᠳᠪᠦᠷᠢᠯᠡᠬᠦ᠂ 390 ᠲᠦᠮᠡᠨ ᠳᠤᠨ ᠤ ᠴᠠᠬᠢᠯᠠᠭᠤᠷ ᠴᠢᠯᠠᠭᠤ ᠦᠢᠯᠡᠳᠪᠦᠷᠢᠯᠡᠬᠦ᠂ 1209 ᠲᠦᠮᠡᠨ | ᠳᠤᠨ ᠤ ᠬᠡᠦᠷᠡᠰᠦ ᠪᠤᠯᠪᠠᠰᠤᠷᠠᠭᠤᠯᠬᠤ ᠦᠢᠯᠡᠳᠪᠦᠷᠢᠯᠡᠯ ᠤᠨ ᠴᠢᠳᠠᠪᠤᠷᠢ ᠶᠢ ᠵᠣᠭᠰᠣᠭᠠᠭᠰᠠᠨ ᠪᠤᠶᠤ ᠰᠢᠭᠰᠢᠭᠳᠡᠭᠦᠯᠵᠦ᠂ | 2600 ᠲᠦᠮᠡᠨ ᠳᠤᠨ ᠨᠡᠭᠦᠷᠡᠰᠦᠳᠦ᠋ᠷᠦᠭᠴᠢ ᠳᠤᠲᠠᠭᠤ ᠭᠠᠳᠠᠬᠰᠢᠯᠠᠭᠤᠯᠪᠠ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠨ ᠳᠤ ᠳᠡᠯᠭᠡᠷᠡᠭᠦᠯᠬᠦ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠲᠡᠷᠢᠭᠦᠨ ᠤ ᠮᠡᠷᠭᠡᠵᠢᠯ ᠤᠳ ︵2023︶︾ ᠢ ᠨᠠᠶᠢᠷᠠᠭᠤᠯᠤᠨ ᠲᠤᠭᠤᠷᠪᠢᠵᠤ᠂ ᠠᠵᠤ | ᠠᠬᠤᠶᠢᠯᠠᠯ ᠤᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠳᠡᠮᠵᠢᠵᠡᠢ᠃ 2023 ᠣᠨ ᠳᠤ | ᠪᠦᠭᠦ ᠣᠷᠣᠨ ᠢᠶᠠᠷ ᠢᠶᠠᠨ ᠡᠨᠧᠷᠭᠢ ᠠᠷᠪᠢᠯᠠᠬᠤ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ 208 | ᠲᠦᠷᠦᠯ ᠵᠦᠢᠯ ᠢ ᠬᠡᠷᠡᠭᠵᠢᠭᠦᠯᠵᠦ᠂ 107 ᠲᠦᠮᠡᠨ ᠳᠤᠨ ᠪᠠᠷᠢᠮᠵᠢᠶ᠎ᠠ ᠨᠡᠭᠦᠷᠡᠰᠦ᠂ 1252 ᠲᠦᠮᠡᠨ ᠳᠤᠨ ᠤᠰᠤ | ᠠᠷᠪᠢᠯᠠᠪᠠ᠃ ᠤᠳᠤ ᠪᠦᠭᠦ ᠣᠷᠣᠨ ᠳᠤ 298 ᠪᠣᠬᠢᠷᠳᠤᠯ ᠦᠭᠡᠢ ᠦᠢᠯᠡᠳᠪᠦᠷᠢ᠂ 24 ᠪᠣᠬᠢᠷᠳᠤᠯ ᠦᠭᠡᠢ | ᠬᠦᠷᠢᠶᠡᠯᠡᠩ ᠲᠣᠭᠤᠷᠢᠭ᠂ 92 ᠪᠣᠬᠢᠷᠳᠤᠯ ᠦᠭᠡᠢ ᠲᠥᠰᠥᠪᠯᠡᠯ ᠤᠨ ᠦᠢᠯᠡᠳᠬᠦᠨ᠂ 26 ᠪᠣᠬᠢᠷᠳᠤᠯ ᠦᠭᠡᠢ | ᠬᠠᠩᠭᠠᠯᠭ᠎ᠠ ᠶᠢᠨ ᠬᠡᠯᠬᠢᠶ᠎ᠡ ᠲᠠᠢ ᠪᠣᠯᠵᠠᠢ᠃ | | | |